| ᠨᠢᠭᠡ ᠳᠤ᠂ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠲᠡᠰ ᠳᠡᠪᠰᠢᠭᠦᠯᠵᠦ᠂ ᠦᠢᠯᠡᠴᠢᠯᠡᠭᠡᠨ ᠤ ᠰᠠᠭᠤᠷᠢ ᠶᠢ | ᠪᠠᠬᠢᠵᠢᠭᠦᠯᠦᠨ᠎ᠡ᠃ ᠰᠢᠶᠠᠨ ᠤ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠲᠣᠮᠣ ᠠᠰᠠᠷ᠂ ᠬᠢᠲᠠᠳ | ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠲᠥᠪ ᠵᠡᠷᠭᠡ ᠲᠥᠷᠥᠯ ᠵᠦᠢᠯ ᠢ ᠰᠢᠨ᠎ᠡ ᠪᠠᠷ ᠪᠠᠶᠢᠭᠤᠯᠵᠦ᠂ 500 | ᠣᠷᠣ ᠶᠢ ᠰᠢᠨ᠎ᠡ ᠪᠠᠷ ᠨᠡᠮᠡᠭᠳᠡᠭᠦᠯᠪᠡ᠃ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ CT᠂ | ᠪᠤᠳᠤᠭᠲᠤ ᠬᠡᠲᠦ ᠲᠤᠯᠭᠢᠶᠡᠨ ᠵᠡᠷᠭᠡ ᠲᠡᠷᠢᠭᠦᠨ ᠤ ᠡᠮᠴᠢᠯᠡᠭᠡᠨ ᠤ ᠲᠥᠬᠦᠭᠡᠷᠦᠮᠵᠢ 120 ᠢᠵᠢ ᠥᠭᠪᠡ᠃ ᠰᠢᠶᠠᠨ ᠤ | ᠬᠡᠪᠴᠢᠶᠡᠨ ᠤ ᠡᠮᠴᠢᠯᠡᠭᠡᠨ ᠤ ᠪᠠᠶᠢᠭᠤᠯᠤᠮᠵᠢ ᠶᠢᠨ ᠬᠠᠲᠠᠭᠤ ᠬᠡᠷᠡᠭᠰᠡᠯ ᠤᠨ ᠨᠥᠬᠦᠴᠡᠯ ᠢ ᠪᠥᠬᠦ ᠲᠠᠯ᠎ᠠ ᠪᠠᠷ | ᠰᠠᠶᠢᠵᠢᠷᠠᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠣᠷᠴᠢᠨ ᠨᠥᠬᠦᠴᠡᠯ ᠢ ᠢᠯᠡᠳᠲᠡ ᠰᠢᠯᠢᠳᠡᠭᠵᠢᠭᠦᠯᠪᠡ | ᠃ | ᠬᠤᠶᠠᠷ ᠲᠤ᠂ ᠦᠢᠯᠡᠴᠢᠯᠡᠭᠡᠨ ᠤ ᠵᠠᠭᠪᠤᠷ ᠢ ᠲᠠᠰ ᠳᠡᠪᠰᠢᠭᠦᠯᠵᠦ᠂ ᠣᠯᠠᠨ ᠲᠦᠮᠡᠨ ᠤ ᠡᠪᠡᠳᠴᠢᠨ | ᠦᠵᠡᠭᠦᠯᠬᠦ ᠳᠤ ᠲᠥᠬᠦᠮ ᠦᠵᠡᠭᠦᠯᠦᠨ᠎ᠡ᠃ ︽ᠢᠨᠲ᠋ᠧᠷ ᠰᠦᠯᠵᠢᠶᠡᠨ ᠤ ᠡᠮᠴᠢᠯᠡᠭᠡ︾ ᠶᠢ ᠳᠡᠯᠭᠡᠷᠡᠭᠦᠯᠵᠦ᠂ | ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠲᠠᠪᠴᠠᠩ ᠢ ᠨᠡᠭᠡᠭᠡᠵᠦ᠂ ᠡᠪᠡᠳᠴᠢᠲᠡᠨ ᠳᠤ ᠨᠡᠶᠢᠲᠡ 10 ᠲᠦᠮᠡᠨ | ᠬᠥᠮᠦᠨ ᠤᠳᠠᠭ᠎ᠠ ᠦᠢᠯᠡᠴᠢᠯᠡᠪᠡ᠃ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠥᠷᠨᠢᠭᠦᠯᠵᠦ᠂ | ᠬᠡᠷ ᠪᠦᠯᠢ ᠶᠢᠨ ᠡᠮᠴᠢ ᠶᠢᠨ ᠪᠦᠯᠬᠦᠮ 120 ᠪᠠᠶᠢᠭᠤᠯᠵᠤ᠂ ᠭᠡᠷ᠎ᠡ ᠲᠣᠭᠲᠠᠭᠰᠠᠨ ᠰᠠᠭᠤᠭᠠᠯᠢ ᠠᠷᠠᠳ 20 ᠲᠦᠮᠡᠨ | ᠬᠥᠮᠦᠨ ᠪᠠᠶᠢᠵᠤ᠂ ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠭᠰᠠᠨ ᠨᠣᠷᠮ᠎ᠠ 85% ᠳᠤ ᠬᠥᠷᠪᠡ᠃ | ᠦᠨᠳᠦᠰᠦᠨ ᠱᠠᠲᠤᠨ ᠤ ᠡᠮᠴᠢᠯᠡᠭᠡ ᠶᠢᠨ ᠦᠢᠯᠡᠴᠢᠯᠡᠭᠡᠨ ᠤ ᠪᠣᠯᠤᠮᠵᠢᠲᠤ ᠴᠢᠨᠠᠷ ᠶᠡᠭᠡ ᠪᠠᠷ ᠳᠡᠭᠡᠭᠰᠢᠯᠡᠵᠦ᠂ ᠤᠯᠠᠨ | ᠲᠦᠮᠡᠨ ᠤ ᠡᠮᠨᠡᠭᠦᠯᠦᠭᠰᠡᠨ ᠬᠠᠨᠤᠮᠵᠢ ᠶᠢᠨ ᠬᠡᠮᠵᠢᠶ᠎ᠡ 92% ᠲᠤ ᠬᠦᠷᠴᠡᠢ᠃ | ᠭᠤᠷᠪᠠ ᠳᠤ ᠴᠢᠳᠠᠪᠤᠷᠢᠲᠠᠨ ᠤ ᠡᠩᠨᠡᠭᠡ ᠶᠢ ᠳᠡᠰ ᠳᠡᠪᠰᠢᠭᠦᠯᠵᠦ᠂ ᠦᠢᠯᠡᠴᠢᠯᠡᠬᠦ ᠴᠢᠳᠠᠪᠤᠷᠢ ᠪᠠᠨ ᠨᠡᠮᠡᠭᠳᠡᠭᠦᠯᠦᠨ᠎ᠡ | ᠃ ︽ᠡᠮᠴᠢᠯᠡᠭᠡᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ︾ ᠶᠢ ᠬᠡᠷᠡᠭᠵᠢᠭᠦᠯᠵᠦ᠂ ᠠᠰᠫᠢᠷᠠᠨᠲ | ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠡᠮᠴᠢᠯᠡᠭᠡᠨ ᠤ ᠴᠢᠳᠠᠪᠤᠷᠢᠲᠠᠨ 50 ᠣᠷᠣᠭᠤᠯᠪᠠ᠃ | 200 ᠡᠮᠨᠡᠯᠭᠡ ᠶᠢᠨ ᠠᠵᠢᠯᠲᠠᠨ ᠢ ᠰᠣᠩᠭᠤᠨ ᠲᠣᠮᠢᠯᠠᠵᠤ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠳᠤ ᠳᠠᠪᠲᠠᠨ | ᠪᠣᠯᠪᠠᠰᠤᠷᠠᠭᠤᠯᠵᠤ ᠰᠤᠷᠤᠯᠴᠠᠭᠤᠯᠵᠤ᠂ 80 ᠲᠠᠯᠠᠪᠤᠷ ᠤᠳᠠᠭ᠎ᠠ ᠡᠷᠳᠡᠮ ᠰᠢᠨᠵᠢᠯᠡᠭᠡᠨ ᠤ ᠲᠠᠶᠢᠯᠤᠮᠵᠢ ᠬᠢᠯᠭᠡᠵᠦ᠂ | ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠪᠡ᠃ ᠪᠥᠬᠦ ᠰᠢᠶᠠᠨ ᠤ ᠡᠮᠨᠡᠯᠭᠡ ᠶᠢᠨ ᠠᠵᠢᠯᠲᠠᠨ ᠤ ᠲᠤᠰᠬᠠᠶ | ᠮᠡᠷᠭᠡᠵᠢᠯ ᠤᠨ ᠤᠷ᠎ᠠ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠬᠦᠴᠢᠷ ᠲᠦᠪᠡᠭᠲᠡᠶ ᠡᠪᠡᠳᠴᠢᠨ ᠢ ᠣᠨᠣᠰᠢᠯᠠᠨ | ᠡᠮᠨᠡᠬᠦ ᠴᠢᠳᠠᠪᠤᠷᠢ ᠶᠢ ᠴᠢᠩᠭᠠᠷᠠᠭᠤᠯᠤᠨ᠂ ᠰᠢᠶᠠᠨ ᠤ ᠬᠡᠪᠴᠢᠶᠡᠨ ᠳᠤ ᠡᠪᠡᠳᠴᠢᠨ ᠦᠵᠡᠭᠦᠯᠬᠦ ᠨᠣᠷᠮ᠎ᠠ ᠶᠢ 93% | ᠪᠣᠯᠲᠠᠯ᠎ᠠ ᠳᠡᠭᠡᠭᠰᠢᠯᠡᠭᠦᠯᠪᠡ᠃ |