ᠨᠢᠩᠴᠧᠩ ᠰᠢᠶᠠᠨ ︽ᠭᠤᠷᠪᠠ ᠶᠢ ᠨᠢᠭᠡᠳᠦᠯᠲᠡᠶ ᠲᠥᠯᠥᠪᠯᠡᠵᠦ︾ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠳᠥᠯᠭᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2025/5/28
    ᠨᠢᠭᠡ ᠳᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠬᠤᠲᠠ ᠬᠥᠳᠡᠭᠡ ᠶᠢᠨ ᠵᠥᠷᠢᠶ᠎ᠡ ᠶᠢ ᠪᠠᠭᠠᠰᠬᠠᠨ᠎ᠠ᠃ 8000 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠥᠳᠡᠭᠡ ᠲᠣᠰᠬᠤᠨ ᠤ ᠰᠤᠷᠭᠠᠭᠤᠯᠢ ᠳᠤ 1.2 ᠲᠦᠮᠡᠨ ᠢᠵᠢ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠰᠢᠨᠡᠳᠬᠡᠵᠦ᠂ ᠪᠠᠷᠢᠮᠵᠢᠶᠠᠵᠢᠭᠤᠯᠤᠭᠰᠠᠨ ᠲᠤᠷᠰᠢᠯᠲᠠ ᠶᠢᠨ ᠲᠠᠰᠤᠭ᠂ ᠨᠣᠮ ᠪᠢᠴᠢᠭ ᠤᠨ ᠲᠠᠰᠤᠭ ᠢ ᠲᠣᠰ ᠲᠣᠰ 50 ᠪᠠᠶᠢᠭᠤᠯᠪᠠ᠃ ︽ᠬᠤᠲᠠ ᠲᠣᠭᠤᠷᠢᠭ ᠤᠨ ᠰᠤᠷᠭᠠᠭᠤᠯᠢ ᠬᠥᠳᠡᠭᠡ ᠲᠣᠰᠬᠤᠨ ᠤ ᠰᠤᠷᠭᠠᠭᠤᠯᠢ ᠶᠢ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ︾ ᠢᠨᠵᠧᠨᠧᠷᠢᠩ ᠢ ᠬᠡᠷᠡᠭᠵᠢᠭᠦᠯᠵᠦ᠂ ᠬᠤᠲᠠ ᠬᠥᠳᠡᠭᠡ ᠶᠢᠨ ᠪᠠᠭᠰᠢ ᠶᠢᠨ ᠠᠵᠢᠯ ᠤᠨ ᠪᠠᠶᠢᠷᠢ ᠶᠢ 200 ᠬᠥᠮᠦᠨ ᠤᠳᠠᠭ᠎ᠠ ᠰᠣᠯᠢᠯᠴᠠᠬᠤ ᠶᠢ ᠵᠣᠬᠢᠶᠠᠨ ᠪᠠᠶᠢᠭᠤᠯᠪᠠ᠃ ᠣᠳᠣᠬᠠᠨ ᠳᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 75% ᠠᠴᠠ ᠳᠡᠭᠡᠭᠰᠢᠯᠡᠭᠡᠳ 98% ᠳᠤ ᠬᠦᠷᠴᠦ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠵᠥᠷᠢᠶ᠎ᠡ ᠠᠯᠬᠤᠮ ᠠᠯᠬᠤᠮ ᠢᠶᠠᠷ ᠪᠠᠭᠠᠰᠪᠠ᠃    ᠬᠤᠶᠠᠷ ᠲᠤ᠂ ᠬᠢᠴᠢᠶᠡᠯ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠨᠤᠲᠤᠭ ᠤᠨ ᠰᠣᠶᠣᠯ᠂ ᠬᠥᠳᠡᠯᠮᠦᠷᠢ ᠶᠢᠨ ᠦᠢᠯᠡᠳᠦᠯᠭᠡ ᠵᠡᠷᠭᠡ ᠣᠨᠴᠠᠯᠢᠭᠲᠤ ᠬᠢᠴᠢᠶᠡᠯ ᠢ 30 ᠨᠡᠭᠡᠭᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ 15 ᠪᠠᠶᠢᠭᠤᠯᠪᠠ᠃ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ︾ ᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ ᠵᠡᠪᠰᠡᠭ ᠤᠨ ᠡᠷᠳᠡᠮ ᠵᠡᠷᠭᠡ ᠣᠨᠴᠠᠯᠢᠭᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠥᠷᠨᠢᠭᠦᠯᠵᠦ᠂ 3 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠰᠢᠯᠢᠳᠡᠭ ᠨᠤᠷᠮ᠎ᠠ ᠠᠳᠠᠯᠢ ᠬᠤᠭᠤᠴᠠᠭᠠᠨ ᠤ ᠬᠢ ᠠᠴᠠ 20% ᠪᠠᠷ ᠳᠡᠭᠡᠭᠰᠢᠯᠡᠵᠦ᠂ ᠬᠡᠪ ᠴᠢᠨᠠᠷ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢᠯᠡᠳᠲᠡ ᠪᠣᠯᠪᠠ᠃    ᠭᠤᠷᠪᠠ ᠳᠤ᠂ ᠪᠠᠭᠰᠢ ᠶᠢ ᠬᠥᠮᠦᠵᠢᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠡᠩᠨᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ︽ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠢ ᠪᠤᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ 10 ᠵᠣᠬᠢᠶᠠᠨ ᠪᠠᠶᠢᠭᠤᠯᠵᠤ᠂ ᠭᠤᠤᠯᠯᠠᠭᠴᠢ ᠪᠠᠭᠰᠢ ᠶᠢ 300 ᠬᠥᠮᠦᠵᠢᠭᠦᠯᠦᠨ᠎ᠡ᠃ ᠪᠠᠭᠰᠢ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢᠨ ᠪᠤᠯᠪᠠᠰᠤᠷᠠᠯ ᠢ 100 ᠲᠠᠯᠠᠪᠤᠷ ᠤᠳᠠᠭ᠎ᠠ ᠥᠷᠨᠢᠭᠦᠯᠵᠦ᠂ 5000 ᠬᠥᠮᠦᠨ ᠤᠳᠠᠭ᠎ᠠ ᠶᠢᠨ ᠪᠤᠯᠪᠠᠰᠤᠷᠠᠯ ᠳᠤ ᠤᠷᠤᠯᠴᠠᠪᠠ᠃ ᠪᠦᠬᠦ ᠰᠢᠶᠠᠨ ᠤ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠳᠤ ᠬᠦᠷᠴᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号