| ᠨᠢᠩᠴᠧᠩ ᠰᠢᠶᠠᠨ ᠪᠣᠬᠢᠷᠲᠤᠯ ᠥᠬᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠢ ᠵᠠᠮᠨᠠᠨ ᠠᠮᠢ | ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ᠨᠢᠭᠡ ᠳᠤ᠂ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ ᠲᠠᠯ᠎ᠠ ᠪᠠᠷ᠂ ᠡᠨᠡ ᠵᠢᠯ ᠤᠶᠢᠵᠢᠭᠤᠯᠤᠯᠲᠠ ᠶᠢᠨ | ᠲᠠᠯᠠᠪᠠᠶ 5 ᠲᠦᠮᠡᠨ ᠮᠥ ᠰᠢᠨ᠎ᠡ ᠪᠠᠷ ᠨᠡᠮᠡᠭᠳᠡᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 45% ᠪᠣᠯᠲᠠᠯ᠎ᠠ | ᠳᠡᠭᠡᠭᠰᠢᠯᠡᠭᠦᠯᠪᠡ᠃ ᠣᠶ ᠰᠢᠭᠤᠶ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ 5 ᠪᠠᠶᠢᠭᠤᠯᠵᠤ᠂ 10 ᠲᠦᠮᠡᠨ | ᠮᠥ ᠳᠤ ᠬᠦᠷᠴᠦ᠂ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠠᠮᠢᠳᠤᠷᠠᠬᠤ ᠭᠠᠵᠠᠷ ᠢ ᠪᠦᠲᠦᠮᠵᠢᠲᠡᠶ | ᠬᠠᠮᠠᠭᠠᠯᠠᠪᠠ᠃ | ᠬᠤᠶᠠᠷ ᠲᠤ᠂ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ 2 ᠳ᠋ᠦᠩᠰᠢᠭᠤᠷ | ᠲᠥᠭᠦᠷᠢᠭ ᠪᠡᠯᠡ ᠣᠷᠣᠭᠤᠯᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠᠶᠢᠭᠤᠯᠵᠤ᠂ ᠡᠳᠦᠷ ᠤᠨ ᠪᠣᠬᠢᠷ | ᠤᠰᠤ ᠶᠢ ᠰᠢᠢᠳᠪᠦᠷᠢᠯᠡᠬᠦ ᠴᠢᠳᠠᠪᠤᠷᠢ ᠶᠢ 5 ᠲᠦᠮᠡᠨ ᠲᠣᠨ ᠳᠤ ᠬᠦᠷᠭᠡᠵᠦ᠂ ᠬᠤᠲᠠ ᠶᠢᠨ ᠠᠮᠢᠳᠤᠷᠠᠯ ᠤᠨ ᠪᠣᠬᠢᠷ | ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠨᠤᠷᠮ᠎ᠠ ᠶᠢ 95% ᠳᠤ ᠬᠦᠷᠭᠡᠪᠡ᠃ ᠠᠵᠤ ᠦᠢᠯᠡᠳᠪᠦᠷᠢ ᠶᠢᠨ | ᠬᠠᠶᠠᠭᠳᠠᠮᠠᠯ ᠬᠡᠢ ᠶᠢ ᠵᠠᠰᠠᠬᠤ ᠠᠵᠢᠯᠯᠠᠭ᠎ᠠ ᠶᠢ ᠥᠷᠨᠢᠭᠦᠯᠵᠦ᠂ 40 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠢ ᠥᠭᠡᠷᠡᠴᠢᠯᠡᠨ ᠳᠡᠰ ᠳᠡᠪᠰᠢᠭᠦᠯᠵᠦ᠂ ᠠᠵᠤ ᠦᠢᠯᠡᠳᠪᠦᠷᠢ ᠶᠢᠨ ᠬᠠᠶᠠᠭᠳᠠᠮᠠᠯ ᠬᠡᠢ ᠶᠢᠨ | ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠨᠣᠷᠮ᠎ᠠ ᠶᠢ 98% ᠳᠤ ᠬᠦᠷᠭᠡᠪᠡ᠃ | ᠭᠤᠷᠪᠠ ᠳᠤ᠂ ᠴᠡᠪᠡᠷ ᠡᠨᠧᠷᠭᠢ ᠶᠢ ᠢᠳᠡᠪᠬᠢᠲᠡᠶ ᠳᠡᠯᠭᠡᠷᠡᠭᠦᠯᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ | 2 ᠲᠠᠯᠠᠪᠠᠶ ᠪᠠ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠥᠷᠲᠡᠭᠡ ᠶᠢ 3 ᠪᠠᠶᠢᠭᠤᠯᠵᠤ᠂ ᠡᠨᠧᠷᠭᠢ ᠶᠢᠨ | ᠬᠡᠷᠡᠭᠯᠡᠭᠡᠨ ᠤ ᠶᠡᠷᠦᠩᠬᠡᠶ ᠬᠡᠮᠵᠢᠶᠡᠨ ᠳᠠᠬᠢ ᠴᠡᠪᠡᠷ ᠡᠨᠧᠷᠭᠢ ᠶᠢᠨ ᠡᠵᠡᠯᠡᠬᠦ ᠬᠤᠪᠢ ᠶᠢᠨ ᠵᠢᠩ ᠢ 30% ᠳᠤ | ᠬᠦᠷᠦᠭᠦᠯᠪᠡ᠃ ᠬᠥᠳᠡᠭᠡ ᠲᠣᠰᠬᠤᠨ ᠤ ᠭᠠᠵᠠᠷ ᠣᠷᠣᠨ ᠳᠤ ᠨᠡᠷᠡᠨ ᠡᠨᠧᠷᠭᠢ ᠶᠢᠨ ᠤᠰᠤ ᠬᠠᠯᠠᠭᠠᠭᠤᠷ᠂ ᠠᠮᠢᠳᠤ | ᠪᠣᠳᠠᠰ ᠤᠨ ᠴᠢᠨᠠᠷ ᠪᠦᠬᠦᠢ ᠵᠤᠤᠬ᠎ᠠ ᠵᠡᠷᠭᠡ ᠴᠡᠪᠡᠷ ᠡᠨᠧᠷᠭᠢ ᠶᠢᠨ ᠲᠥᠬᠦᠭᠡᠷᠦᠮᠵᠢ ᠶᠢ ᠳᠡᠯᠭᠡᠷᠡᠭᠦᠯᠵᠦ᠂ 2 ᠲᠦᠮᠡᠨ | ᠡᠷᠦᠬᠡ ᠲᠠᠷᠢᠶᠠᠯᠠᠬᠤ ᠡᠷᠦᠬᠡ ᠶᠢ ᠬᠠᠮᠤᠷᠪᠠ᠃ ᠠᠯᠢ ᠣᠯᠠᠨ ᠠᠮᠢ ᠠᠬᠤᠢ ᠶᠢᠨ ᠬᠠᠮᠠᠭᠠᠯᠠᠯᠲᠠ ᠶᠢᠨ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠨᠢᠩᠴᠧᠩ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ | ᠰᠠᠶᠢᠵᠢᠷᠠᠵᠤ᠂ ᠲᠤᠩᠭᠠᠯᠠᠭ ᠡᠳᠦᠷ ᠤᠨ ᠲᠤᠭ᠎ᠠ 15 ᠡᠳᠦᠷ ᠨᠡᠮᠡᠭᠳᠡᠵᠦ᠂ 300 ᠡᠳᠦᠷ ᠠᠴᠠ ᠳᠡᠭᠡᠭᠰᠢ ᠳᠤ | ᠬᠦᠷᠴᠦ᠂ ᠦᠷᠭᠦᠯᠵᠢᠯᠡᠬᠦ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠪᠠ᠃ |