| ᠨᠢᠩᠴᠧᠩ ᠰᠢᠶᠠᠨ ᠰᠣᠶᠣᠯ ᠤᠨ ᠬᠦᠷᠢᠶᠡᠨ ᠳᠤ ᠢᠳᠡᠪᠬᠢᠲᠡᠢ ᠪᠠᠷ ᠰᠢᠨ᠎ᠡ ᠶᠢ ᠡᠭᠦᠳᠴᠦ᠂ ᠤᠯᠠᠨ ᠲᠦᠮᠡᠨ ᠤ | ᠤᠶᠤᠨ ᠤ ᠠᠮᠢᠳᠤᠷᠠᠯ ᠢ ᠪᠠᠶᠠᠯᠢᠭᠵᠢᠭᠤᠯᠪᠠ᠃ ᠲᠣᠰ ᠭᠠᠵᠠᠷ ᠤᠨ ᠰᠣᠶᠣᠯ ᠤᠨ ᠡᠬᠢ ᠪᠠᠶᠠᠯᠢᠭ ᠢ ᠭᠦᠨᠵᠡᠭᠡᠶ | ᠠᠭᠤᠳᠠᠯᠵᠤ᠂ ᠯᠢᠶᠣᠤ ᠤᠯᠤᠰ ᠤᠨ ᠰᠣᠶᠣᠯ᠂ ᠬᠤᠩᠱᠠᠨ ᠰᠣᠶᠣᠯ ᠢᠶᠠᠷ ᠭᠤᠤᠯ ᠰᠡᠳᠦᠪ ᠪᠣᠯᠭᠠᠭᠰᠠᠨ ᠰᠣᠶᠣᠯ | ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠵᠤᠭᠠᠴᠠᠭᠰᠠᠳ ᠢ 100 ᠲᠦᠮᠡᠨ ᠬᠥᠮᠦᠨ ᠤᠳᠠᠭ᠎ᠠ ᠲᠠᠲᠠᠵᠤ᠂ | ᠵᠢᠭᠤᠯᠴᠢᠯᠠᠯ ᠤᠨ ᠣᠷᠣᠯᠭ᠎ᠠ ᠶᠢ 20% ᠪᠠᠷ ᠨᠡᠮᠡᠭᠳᠡᠭᠦᠯᠪᠡ᠃ ᠡᠯ᠎ᠡ ᠲᠥᠷᠥᠯ ᠤᠨ ᠰᠣᠶᠣᠯ ᠤᠨ ᠦᠵᠡᠰᠬᠦᠯᠡᠩ ᠢ | 10 ᠲᠠᠯᠠᠪᠠᠢ ᠡᠷᠬᠢᠯᠡᠪᠡ᠂ ᠵᠢᠱᠢᠶᠡᠯᠡᠪᠡᠯ᠂ ᠯᠢᠶᠣᠤ ᠤᠯᠤᠰ ᠤᠨ ᠦᠶ᠎ᠡ ᠶᠢᠨ ᠲᠡᠤᠬᠡ ᠶᠢᠨ ᠳᠤᠷᠠᠰᠬᠠᠯᠲᠤ | ᠵᠦᠢᠯᠡᠰ ᠤᠨ ᠦᠵᠡᠭᠦᠯᠭᠡ᠂ ᠬᠤᠩᠱᠠᠨ ᠰᠣᠶᠣᠯ ᠤᠨ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠭᠡ ᠵᠡᠷᠭᠡ ᠶᠢ | ᠲᠣᠭᠤᠷᠢᠨ ᠦᠵᠡᠭᠰᠡᠨ ᠬᠥᠮᠦᠨ ᠤ ᠲᠤᠭ᠎ᠠ 5 ᠲᠦᠮᠡᠨ ᠬᠥᠮᠦᠨ ᠤᠳᠠᠭ᠎ᠠ ᠳᠤ ᠬᠦᠷᠪᠡ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠳᠤ ᠰᠢ | ᠵᠦᠴᠦᠭᠡ ᠶᠢ 100 ᠲᠠᠯᠠᠪᠠᠢ ᠺᠢᠨᠣ᠋ ᠶᠢ 2000 ᠲᠠᠯᠠᠪᠠᠢ ᠬᠦᠷᠭᠡᠵᠦ᠂ ᠪᠦᠬᠦ ᠰᠢᠶᠠᠨ ᠤ ᠪᠤᠢ ᠪᠦᠬᠦᠢ ᠰᠢᠶᠠᠩ | ᠪᠠᠯᠭᠠᠰᠤ ᠪᠠ ᠲᠣᠰᠬᠤᠨ ᠢ ᠬᠠᠮᠤᠷᠪᠠ᠃ ᠰᠣᠶᠣᠯ ᠤᠨ ᠠᠭᠤᠳᠠᠮ ᠲᠠᠯᠠᠪᠠᠢ ᠶᠢ 10 ᠪᠠᠶᠢᠭᠤᠯᠵᠤ᠂ ᠤᠯᠠᠨ | ᠲᠦᠮᠡᠨ ᠳᠤ ᠰᠡᠯᠡᠭᠦᠴᠡᠯ ᠵᠤᠭ᠎ᠠ ᠴᠡᠩᠭᠡᠯ ᠤᠨ ᠲᠠᠯᠠᠪᠤᠷ ᠬᠠᠩᠭᠠᠵᠤ᠂ ᠠᠭᠤᠳᠠᠮ ᠲᠠᠯᠠᠪᠠᠢ ᠶᠢᠨ ᠪᠥᠵᠢᠭ ᠤᠨ | ᠤᠷᠤᠯᠳᠤᠭᠠᠨ᠂ ᠳᠠᠭᠤᠤ ᠶᠢᠨ ᠤᠷᠤᠯᠳᠤᠭᠠᠨ ᠵᠡᠷᠭᠡ ᠰᠣᠶᠣᠯ ᠤᠨ ᠠᠵᠢᠯᠯᠠᠭ᠎ᠠ 50 ᠲᠠᠯᠠᠪᠠᠢ ᠡᠷᠬᠢᠯᠡᠵᠦ᠂ ᠤᠯᠠᠨ | ᠲᠦᠮᠡᠨ 3 ᠲᠦᠮᠡᠨ ᠬᠥᠮᠦᠨ ᠤᠳᠠᠭ᠎ᠠ ᠤᠷᠤᠯᠴᠠᠪᠠ᠃ | ᠰᠣᠶᠣᠯ ᠤᠨ ᠠᠵᠤ ᠦᠢᠯᠡᠰ ᠢ ᠪᠤᠶᠢᠵᠢᠭᠤᠯᠵᠤ᠂ 5 ᠰᠣᠶᠣᠯ ᠤᠨ ᠠᠵᠤ ᠠᠬᠤᠶᠢᠯᠠᠯ ᠢ ᠲᠡᠳᠬᠦᠨ ᠳᠠᠮᠵᠢᠵᠤ᠂ | ᠨᠢᠩᠴᠧᠩ ᠤᠨ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ 20 ᠭᠠᠷᠤᠶ ᠵᠦᠢᠯ᠂ ᠵᠢᠱᠢᠶᠡᠯᠡᠪᠡᠯ | ᠯᠢᠶᠣᠤ ᠤᠯᠤᠰ ᠤᠨ ᠦᠶ᠎ᠡ ᠶᠢᠨ ᠭᠤᠤᠯ ᠰᠡᠳᠦᠪᠲᠦ ᠭᠠᠷ ᠤᠷᠠᠯᠠᠯ ᠤᠨ ᠪᠦᠲᠦᠭᠡᠭᠳᠡᠬᠦᠨ᠂ ᠬᠤᠩᠱᠠᠨ ᠰᠣᠶᠣᠯ ᠤᠨ | ᠡᠯᠧᠮᠧᠨ᠋ᠲ ᠤᠨ ᠵᠠᠰᠠᠯ ᠴᠢᠮᠡᠭᠯᠡᠯ ᠵᠡᠷᠭᠡ ᠶᠢ ᠨᠡᠭᠡᠭᠡᠨ ᠬᠥᠭᠵᠢᠭᠦᠯᠵᠦ᠂ ᠰᠣᠶᠣᠯ ᠤᠨ ᠠᠵᠤ ᠦᠢᠯᠡᠰ ᠤᠨ | ᠦᠢᠯᠡᠳᠬᠦᠨ ᠤ ᠥᠷᠲᠡᠭ ᠢ 15% ᠪᠠᠷ ᠨᠡᠮᠡᠭᠳᠡᠭᠦᠯᠵᠦ᠂ ᠰᠣᠶᠣᠯ ᠢ ᠤᠯᠠᠮᠵᠢᠯᠠᠨ ᠵᠠᠯᠭᠠᠮᠵᠢᠯᠠᠭᠰᠠᠨ ᠮᠥᠷᠲᠡᠭᠡᠨ | ᠪᠠᠰᠠ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ |