ᠨᠢᠩᠴᠧᠩ ᠰᠢᠶᠠᠨ ᠣᠶᠤᠨᠴᠢ ᠭᠤᠣᠯ ᠤᠨ ᠵᠠᠮ ᠢ ᠬᠢᠨᠠᠨ ᠰᠢᠯᠭᠠᠬᠤ ︽ᠮᠡᠷᠭᠡᠵᠢᠯ︾ ᠢᠶᠠᠷ ᠴᠡᠩᠭᠡᠭ ᠤᠰᠤ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/5/9
    ᠤᠯᠠᠮᠵᠢᠯᠠᠯᠲᠤ ᠭᠤᠣᠯ ᠤᠨ ᠵᠠᠮ ᠢ ᠲᠣᠭᠤᠷᠢᠨ ᠪᠠᠶᠢᠴᠠᠭᠠᠬᠤ ᠦᠷ᠎ᠡ ᠪᠦᠲᠦᠮᠵᠢ ᠳᠣᠣᠷ᠎ᠠ᠂ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠬᠤᠴᠣᠷᠤᠩᠭᠤᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠴᠢᠳᠠᠪᠤᠷᠢ ᠶᠢ ᠴᠢᠩᠭᠠᠳᠬᠠᠵᠤ᠂ ᠨᠢᠩᠴᠧᠩ ᠰᠢᠶᠠᠨ ᠯᠤᠤᠬ᠎ᠠ ᠶᠢᠨ ᠭᠤᠣᠯ ᠤᠨ ᠨᠢᠩᠴᠧᠩ ᠰᠢᠶᠠᠨ ᠤ ᠬᠡᠰᠡᠭ ᠢᠶᠠᠷ ᠲᠤᠷᠰᠢᠯᠲᠠ ᠬᠢᠵᠦ᠂ ᠤᠶᠤᠨᠲᠤ ᠭᠤᠣᠯ ᠤᠨ ᠵᠠᠮ ᠢ ᠬᠢᠨᠠᠨ ᠬᠡᠮᠵᠢᠬᠦ ᠮᠡᠷᠭᠡᠵᠢᠯ ᠤᠨ ᠰᠢᠨ᠎ᠡ ᠶᠢ ᠡᠭᠦᠳᠴᠦ ᠬᠡᠷᠡᠭᠯᠡᠪᠡ᠃ ᠲᠣᠰ ᠮᠡᠷᠭᠡᠵᠢᠯ ᠤᠨ ᠠᠭᠤᠰᠤᠯᠴᠠᠯ ᠨᠢ ᠥᠨᠳᠥᠷ ᠲᠣᠳᠣ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠤᠰᠤᠨ ᠤ ᠴᠢᠨᠠᠷ ᠤᠨ ᠣᠯᠠᠨ ᠪᠣᠯᠵᠣᠯᠲᠤ ᠲᠤᠭ᠎ᠠ ᠳᠠᠮᠵᠢᠭᠤᠯᠤᠭᠴᠢ᠂ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠪᠠᠶᠢᠴᠠᠭᠠᠬᠤ ᠪᠠ AI ᠵᠢᠷᠤᠭ ᠳᠦᠷᠰᠦ ᠶᠢ ᠢᠯᠭᠠᠨ ᠲᠠᠨᠢᠬᠤ ᠮᠡᠷᠭᠡᠵᠢᠯ ᠢ ᠴᠠᠭ ᠲᠤᠬᠠᠶ ᠳᠤᠨᠢ ᠬᠢᠨᠠᠨ ᠬᠡᠮᠵᠢᠵᠦ᠂ ᠭᠤᠤᠯ ᠤᠨ ᠵᠠᠮ ᠤᠨ ᠬᠥᠪᠦᠮᠡᠯ ᠪᠣᠳᠠᠰ᠂ ᠬᠠᠤᠯᠢ ᠪᠤᠰᠤ ᠪᠠᠷ ᠪᠣᠬᠢᠷᠲᠤᠯ ᠭᠠᠳᠠᠭᠰᠢᠯᠠᠭᠤᠯᠬᠤ᠂ ᠤᠰᠤᠨ ᠲᠦᠪᠰᠢᠨ ᠤ ᠬᠤᠪᠢᠷᠠᠯᠲᠠ ᠵᠡᠷᠭᠡ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠵᠦ᠂ ᠤᠰᠤᠨ ᠤ ᠴᠢᠨᠠᠷ ᠢ ᠬᠢᠨᠠᠨ ᠬᠡᠮᠵᠢᠬᠦ ᠲᠥᠬᠦᠭᠡᠷᠦᠮᠵᠢ ᠨᠢ ᠬᠦᠴᠢᠯᠲᠥ᠋ᠷᠥᠭᠴᠢ ᠠᠭᠤᠰᠬᠤ᠂ ᠬᠦᠴᠢᠯᠲᠥ᠋ᠷᠥᠭᠴᠢ ᠶᠢᠨ ᠬᠡᠮᠵᠢᠶ᠎ᠡ ᠵᠡᠷᠭᠡ ᠭᠦᠶ᠋ᠴᠡᠳᠬᠡᠯ ᠲᠤᠭ᠎ᠠ ᠶᠢ ᠲᠦᠷᠭᠡᠨ ᠪᠠᠶᠢᠴᠠᠭᠠᠨ ᠬᠡᠮᠵᠢᠬᠦ ᠶᠢᠨ ᠬᠠᠮᠲᠤ ᠮᠡᠳᠡᠭᠡ ᠵᠠᠩᠭᠢ ᠶᠢᠨ ᠲᠤᠤᠷ ᠢᠶᠠᠷ ᠳᠠᠮᠵᠢᠭᠤᠯᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠤᠰᠤᠨ ᠠᠰᠢᠭᠯᠠᠯᠲᠠ ᠶᠢᠨ ᠬᠠᠮᠢᠶᠠᠷᠤᠯᠲᠠ ᠶᠢᠨ ᠲᠠᠪᠴᠠᠩ ᠳᠤ ᠳᠠᠮᠵᠢᠭᠤᠯᠤᠨ᠎ᠠ᠃ ᠡᠭᠦᠨ ᠤ ᠬᠠᠮᠲᠤ᠂ ᠴᠠᠭᠳᠠᠨ ᠪᠠᠶᠢᠴᠠᠭᠠᠭᠴᠢ ᠦᠵᠦᠭᠦᠷ᠂ ᠭᠤᠣᠯ ᠤᠨ ᠵᠠᠮ ᠤᠨ ᠡᠷᠬᠢᠨ ᠲᠣᠭᠤᠷᠢᠨ ᠤ ᠣᠯᠠᠨ ᠲᠦᠮᠡᠨ ᠤ ᠬᠠᠷᠢᠭᠤ ᠲᠤᠰᠬᠠᠬᠤ ᠰᠢᠰᠲ᠋ᠧᠮ ᠢ ᠬᠠᠮᠲᠤᠷᠠᠨ ᠠᠳᠬᠤᠵᠤ᠂ ︽ᠣᠭᠲᠠᠷᠭᠤᠶ ᠠᠴᠠ ᠦᠵᠡᠬᠦ᠂ ᠣᠰᠣᠨ ᠳᠤᠮᠳᠠ ᠬᠢᠨᠠᠬᠤ᠂ ᠡᠷᠭᠢ ᠠᠴᠠ ᠴᠠᠭᠳᠠᠬᠤ︾ ᠪᠣᠰᠤᠭ᠎ᠠ ᠴᠣᠭᠴᠠᠲᠤ ᠬᠢᠨᠠᠯᠲᠠ ᠬᠠᠮᠢᠶᠠᠷᠤᠯᠲᠠ ᠶᠢᠨ ᠲᠣᠣᠷ ᠢ ᠪᠠᠶᠢᠭᠤᠯᠪᠠ᠃ ᠣᠳᠣᠬᠠᠨ ᠳᠤ᠂ ᠲᠦᠷᠦᠭᠦᠦ ᠪᠦᠯᠦᠭ ᠤᠨ 30 ᠢᠵᠢ ᠣᠶᠤᠨᠴᠢ ᠬᠢᠨᠠᠨ ᠬᠡᠮᠵᠢᠬᠦ ᠲᠥᠬᠦᠭᠡᠷᠦᠮᠵᠢ ᠶᠢ ᠨᠢᠭᠡᠨᠲᠡ ᠪᠠᠶᠢᠷᠢᠯᠠᠭᠤᠯᠵᠤ᠂ ᠭᠤᠣᠯ ᠤᠨ ᠵᠠᠮ ᠢ ᠲᠣᠭᠤᠷᠢᠨ ᠪᠠᠶᠢᠴᠠᠭᠠᠬᠤ ᠦᠷ᠎ᠡ ᠪᠦᠲᠦᠮᠵᠢ ᠶᠢ 70% ᠳᠤ ᠬᠦᠷᠭᠡᠪᠡ᠃ ᠲᠣᠰ ᠤᠳᠠᠭᠠᠨ ᠤ ᠤᠶᠤᠨᠲᠤ ᠭᠤᠤᠯ ᠤᠨ ᠵᠠᠮ ᠤᠨ ᠬᠢᠨᠠᠨ ᠬᠡᠮᠵᠢᠯᠲᠡ ᠶᠢᠨ ᠮᠡᠷᠭᠡᠵᠢᠯ ᠤᠨ ᠬᠡᠷᠡᠭᠯᠡᠯᠲᠡ ᠨᠢ ᠥᠪᠡᠷᠲᠡᠭᠡᠨ ᠵᠠᠰᠠᠬᠤ ᠣᠷᠣᠨ ᠤ ᠭᠤᠤᠯ ᠤᠨ ᠵᠠᠮ ᠤᠨ ᠬᠥᠳᠡᠯᠦᠩᠭᠦᠶ ᠬᠢᠨᠠᠨ ᠬᠡᠮᠵᠢᠯᠲᠡ ᠶᠢᠨ ᠮᠡᠷᠭᠡᠵᠢᠯ ᠤᠨ ᠬᠤᠭᠤᠰᠣᠨ ᠢ ᠨᠥᠬᠦᠪᠥᠷᠢᠯᠡᠵᠦ᠂ ᠤᠰᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠴᠢᠩᠭ᠎ᠠ ᠬᠦᠴᠦᠲᠡᠶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号