| ᠨᠢᠭᠡ ᠳᠤ᠂ ᠰᠠᠭᠤᠷᠢ ᠲᠥᠬᠦᠭᠡᠷᠦᠮᠵᠢ ᠶᠢᠨ ᠲᠡᠰ ᠳᠡᠪᠰᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠭᠠᠯᠢ | ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠪᠡ᠃ 2 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠣᠷᠣᠭᠤᠯᠵᠤ᠂ 20 ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠵᠤ᠂ 100 ᠺᠢᠯᠣᠮᠧᠲᠷ ᠬᠤᠭᠤᠯᠠᠢ | ᠲᠣᠣᠷ ᠢ ᠥᠭᠡᠷᠡᠴᠢᠯᠡᠨ ᠵᠠᠰᠠᠵᠤ᠂ 8 ᠲᠦᠮᠡᠨ ᠲᠡᠭᠰᠢ ᠳᠥᠷᠪᠡᠯᠵᠢᠨ ᠮᠧᠲᠷ ᠵᠠᠮ ᠢ ᠬᠠᠲᠠᠭᠤᠷᠠᠭᠤᠯᠵᠤ᠂ 1200 | ᠲᠡᠷᠭᠡᠨ ᠵᠣᠭᠰᠣᠭᠠᠯ ᠢ ᠰᠢᠨ᠎ᠡ ᠪᠠᠷ ᠨᠡᠮᠡᠭᠳᠡᠭᠦᠯᠪᠡ᠃ ᠡᠲᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠥᠭᠡᠷᠡᠴᠢᠯᠡᠭᠰᠡᠨ ᠤ ᠳᠠᠷᠠᠭ᠎ᠠ ᠬᠠᠭᠤᠴᠢᠨ ᠬᠤᠷᠢᠶᠠᠯᠠᠯ ᠤᠨ ᠤᠰᠤ ᠬᠠᠩᠭᠠᠬᠤ᠂ ᠴᠠᠬᠢᠯᠭᠠᠨ ᠬᠠᠩᠭᠠᠬᠤ | ᠲᠣᠭᠲᠠᠪᠤᠷᠢᠲᠤ ᠴᠢᠨᠠᠷ ᠢ 90 % ᠪᠠᠷ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ᠂ ᠲᠡᠷᠭᠡ | ᠵᠣᠭᠰᠣᠭᠠᠬᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠷᠣᠰᠢᠨ ᠰᠠᠭᠤᠬᠤ ᠳᠤ ᠲᠥᠬᠦᠮ | ᠦᠵᠡᠭᠦᠯᠬᠦ ᠴᠢᠨᠠᠷ ᠢ ᠶᠡᠭᠡ ᠪᠠᠷ ᠳᠡᠭᠡᠭᠰᠢᠯᠡᠭᠦᠯᠪᠡ᠃ | ᠬᠤᠶᠠᠷ ᠲᠤ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠠᠬᠢᠭᠤᠯᠵᠤ᠂ ᠬᠤᠷᠢᠶᠠᠯᠠᠯ ᠤᠨ | ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠬᠤᠷᠢᠶᠠᠯᠠᠯ ᠢ ᠨᠣᠭᠤᠭᠠᠷᠠᠭᠤᠯᠬᠤ᠂ | ᠭᠡᠷᠡᠯᠲᠦᠭᠦᠯᠭᠡ ᠶᠢᠨ ᠢᠨᠵᠧᠨᠧᠷᠢᠩ ᠢ ᠥᠷᠨᠢᠭᠦᠯᠵᠦ᠂ 5 ᠲᠦᠮᠡ ᠭᠠᠷᠤᠶ ᠰᠠᠭᠤᠷᠢ ᠤᠷᠭᠤᠮᠠᠯ ᠳᠠᠷᠢᠵᠤ᠂ ᠵᠠᠮ ᠤᠨ | ᠳ᠋ᠧᠩ ᠢ 800 ᠤᠭᠰᠠᠷᠠᠪᠠ᠃ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ 200 ᠭᠠᠵᠠᠷ ᠢ ᠴᠡᠪᠡᠷᠯᠡᠵᠦ᠂ | ᠰᠡᠯᠡᠭᠦᠴᠡᠯ ᠤᠨ ᠲᠠᠯᠠᠪᠠᠶ᠂ ᠪᠡᠶ᠎ᠡ ᠴᠢᠭᠢᠷᠠᠭᠵᠢᠭᠤᠯᠬᠤ ᠲᠠᠯᠠᠪᠤᠷ 30 ᠪᠠᠶᠢᠭᠤᠯᠪᠠ᠃ ᠣᠳᠣᠬᠠᠨ ᠳᠤ᠂ ᠬᠠᠭᠤᠴᠢᠨ | ᠬᠤᠷᠢᠶᠠᠯᠠᠯ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 35% ᠪᠣᠯᠲᠠᠯ᠎ᠠ ᠳᠡᠭᠡᠭᠰᠢᠯᠡᠵᠦ᠂ ᠣᠷᠴᠢᠨ | ᠲᠣᠭᠤᠷᠢᠨ ᠴᠡᠪᠡᠷ ᠴᠡᠮᠴᠡᠭᠡᠷ ᠰᠠᠶᠢᠬᠠᠨ ᠪᠠᠶᠢᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ | ᠢᠯᠡᠳᠲᠡ ᠳᠡᠭᠡᠭᠰᠢᠯᠡᠵᠦ᠂ ᠬᠠᠨᠤᠮᠵᠢ ᠶᠢᠨ ᠬᠡᠮᠵᠢᠶ᠎ᠡ 95 % ᠳᠤ ᠬᠦᠷᠴᠡᠶ᠃ | ᠭᠤᠷᠪᠠ ᠳᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ | ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ 15 ᠬᠠᠭᠤᠴᠢᠨ ᠬᠤᠷᠢᠶᠠᠯᠠᠯ ᠢ ᠲᠤᠰᠬᠠᠶᠢᠵᠢᠭᠰᠠᠨ | ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠣᠷᠣᠭᠤᠯᠵᠤ᠂ ︽ᠰᠠᠭᠤᠭᠠᠯᠢ ᠠᠷᠠᠳ ᠤᠨ ᠵᠥᠪᠯᠡᠯ︾ ᠤᠨ | ᠲᠦᠷᠢᠮ ᠢ ᠪᠠᠶᠢᠭᠤᠯᠤᠨ᠂ ᠥᠮᠴᠢᠲᠡᠨ ᠢ ᠵᠣᠬᠢᠶᠠᠨ ᠪᠠᠶᠢᠭᠤᠯᠤᠨ ᠬᠤᠷᠢᠶᠠᠯᠠᠯ ᠤᠨ ᠬᠠᠮᠢᠶᠠᠷᠤᠯᠲᠠ ᠳᠤ | ᠣᠷᠣᠯᠴᠠᠭᠤᠯᠤᠨ᠎ᠠ᠃ ᠰᠡᠯᠪᠢᠨ ᠵᠠᠰᠠᠬᠤ ᠰᠠᠭᠤᠷᠢ ᠮᠥᠩᠭᠦ ᠪᠠᠶᠢᠭᠤᠯᠵᠤ᠂ ᠪᠡᠯᠡᠳᠬᠡᠮᠵᠢ ᠲᠥᠬᠦᠭᠡᠷᠦᠮᠵᠢ ᠶᠢᠨ | ᠵᠠᠯᠭᠠᠮᠵᠢ ᠬᠠᠮᠠᠭᠠᠯᠠᠯᠲᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠣᠳᠣᠬᠠᠨ ᠳᠤ᠂ 80% ᠶᠢᠨ ᠬᠠᠭᠤᠴᠢᠨ | ᠬᠤᠷᠢᠶᠠᠯᠠᠯ ᠨᠢ ᠵᠢᠷᠤᠮᠵᠢᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠬᠤᠷᠢᠶᠠᠯᠠᠯ ᠡᠮᠬᠢ ᠳᠢᠭᠯᠢᠮ ᠲᠠᠢ ᠪᠠᠶᠢᠵᠤ᠂ ︽ | ᠬᠠᠭᠤᠴᠢᠨ︾ ᠠᠴᠠ ︽ᠰᠢᠯᠢᠳᠡᠭ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ | |