ᠨᠢᠩᠴᠧᠩ ᠰᠢᠶᠠᠨ ᠲᠥᠷᠥ ᠶᠢᠨ ᠪᠣᠳᠣᠯᠭ᠎ᠠ ᠶᠢᠨ ᠡᠨᠧᠷᠭᠢ ᠣᠯᠭᠤᠵᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠰᠢᠨ᠎ᠡ ᠠᠮᠢᠵᠢᠷᠠᠯ ᠤᠨ ᠬᠦᠴᠦᠨ ᠢ  ᠬᠥᠭᠵᠢᠭᠡᠨ᠎ᠡ
ᠨᠡᠶᠢᠲᠡᠯᠡᠭᠰᠡᠨ ᠴᠠᠭ᠄
2025/6/11
    ᠨᠢᠭᠡ ᠳᠤ᠂ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠳᠡᠮᠵᠢᠯᠭᠡ ᠶᠢ ᠴᠢᠩᠭᠠᠳᠬᠠᠵᠤ᠂ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ︽ᠨᠢᠩᠴᠧᠩ ᠰᠢᠶᠠᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠠᠬᠢᠭᠤᠯᠬᠤ ᠳᠡᠮᠵᠢᠯᠭᠡ ᠶᠢᠨ ᠠᠷᠭ᠎ᠠ︾ ᠶᠢ ᠨᠡᠶᠢᠲᠡᠯᠡᠬᠦ ᠪᠠᠷ ᠳᠠᠮᠵᠢᠭᠤᠯᠤᠨ᠂ 800 ᠲᠦᠮᠡᠨ ᠲᠥᠭᠦᠷᠢᠭ ᠤᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠲᠤᠰᠬᠠᠶ ᠪᠠᠯᠠ ᠮᠥᠩᠭᠦ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠳᠤ ᠲᠠᠯᠠᠪᠤᠷ ᠭᠠᠵᠠᠷ ᠤᠨ ᠨᠥᠬᠦᠪᠥᠷᠢ᠂ ᠪᠠᠷᠠᠭᠠᠨ ᠤ ᠭᠦᠢᠯᠭᠡᠭᠡᠨ ᠤ ᠨᠥᠬᠦᠪᠥᠷᠢ ᠵᠡᠷᠭᠡ ᠳᠡᠮᠵᠢᠯᠭᠡ ᠣᠯᠭᠤᠨ᠎ᠠ᠃ ᠡᠭᠦᠨ ᠤ ᠬᠠᠮᠲᠤ᠂ ᠰᠢᠶᠠᠨ ᠤ ᠱᠠᠲᠤᠨ ᠤ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ 1᠂ ᠰᠢᠶᠠᠩ ᠪᠠᠯᠭᠠᠰᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ 18 ᠶᠢ ᠪᠠᠶᠢᠭᠤᠯᠵᠤ᠂ ᠰᠢᠶᠠᠨ ᠤ ᠬᠡᠪᠴᠢᠶᠡᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠣᠲᠣ ᠪᠣᠯᠲᠠᠯ᠎ᠠ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠨᠡᠶᠢᠲᠡ 50 ᠪᠤᠶᠢᠵᠢᠭᠤᠯᠵᠤ᠂ 2000 ᠭᠠᠷᠤᠶ ᠬᠥᠮᠦᠨ ᠳᠤ ᠠᠵᠢᠯ ᠣᠯᠭᠤᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃    ᠬᠤᠶᠠᠷ ᠲᠤ᠂ ᠴᠢᠳᠠᠪᠤᠷᠢᠲᠠᠨ ᠢ ᠬᠥᠮᠦᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ︽ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ︾ ᠶᠢ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ᠂ ᠪᠣᠯᠪᠠᠰᠤᠷᠠᠯ ᠤᠨ ᠪᠠᠶᠢᠭᠤᠯᠤᠮᠵᠢ ᠲᠠᠢ ᠬᠤᠯᠪᠣᠭᠠᠯᠠᠨ ᠡᠯᠧᠺᠲᠷᠣᠨ ᠬᠤᠳᠠᠯᠳᠤᠭᠠᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ 30 ᠬᠤᠭᠤᠴᠠᠭ᠎ᠠ ᠡᠷᠭᠢᠯᠡᠵᠦ᠂ ᠲᠠᠷᠢᠶᠠᠴᠢᠨ ᠡᠷᠦᠬᠡ᠂ ᠨᠤᠲᠤᠭ ᠲᠠᠭᠠᠨ ᠪᠤᠴᠠᠭᠰᠠᠨ ᠵᠠᠯᠠᠭᠤᠴᠤᠳ ᠵᠡᠷᠭᠡ ᠬᠠᠮᠲᠤᠯᠢᠭ ᠢ 3000 ᠬᠥᠮᠦᠨ ᠤᠳᠠᠭ᠎ᠠ ᠪᠣᠯᠪᠠᠰᠤᠷᠠᠭᠤᠯᠪᠠ᠃ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢᠨ ᠰᠤᠷᠤᠯᠴᠠᠯᠭ᠎ᠠ ᠶᠢᠨ ᠲᠠᠪᠴᠠᠩ ᠢ ᠪᠠᠶᠢᠭᠤᠯᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠰᠦᠯᠵᠢᠶᠡᠨ ᠳᠡᠯᠭᠡᠭᠦᠷ ᠤᠨ ᠡᠵᠡᠩᠨᠡᠯᠲᠡ ᠵᠡᠷᠭᠡ ᠬᠢᠴᠢᠶᠡᠯ ᠤᠨ ᠡᠬᠢ ᠪᠠᠶᠠᠯᠢᠭ ᠢ 500 ᠭᠠᠷᠤᠶ ᠤᠳᠠᠭ᠎ᠠ ᠬᠠᠩᠭᠠᠪᠠ᠃ ᠪᠣᠯᠪᠠᠰᠤᠷᠠᠯ ᠢᠶᠠᠷ ᠳᠡᠮᠵᠢᠨ᠂ ᠪᠣᠯᠪᠠᠰᠤᠷᠠᠯ ᠳᠤ ᠤᠷᠤᠯᠴᠠᠬᠰᠠᠳ 800 ᠰᠦᠯᠵᠢᠶᠡᠨ ᠤ ᠳᠡᠯᠭᠡᠭᠦᠷ ᠨᠡᠭᠡᠭᠡᠵᠦ᠂ ᠰᠠᠷ᠎ᠠ ᠶᠢᠨ ᠳᠤᠮᠳᠠᠴᠢ ᠪᠣᠷᠣᠯᠠᠭᠤᠯᠤᠯᠲᠠ ᠶᠢᠨ ᠲᠤᠭ᠎ᠠ 300 ᠲᠦᠮᠡᠨ ᠲᠥᠭᠦᠷᠢᠭ ᠢ ᠳᠠᠪᠠᠵᠤ ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠴᠢᠨ ᠰᠠᠶ᠋ᠢ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃    ᠭᠤᠷᠪᠠ ᠳᠤ᠂ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠨ ᠪᠣᠷᠣᠯᠠᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ ᠦᠢᠯᠡᠳᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ︽ᠨᠢᠩᠴᠧᠩ ᠤᠨ ᠨᠠᠷᠢᠮᠤ︾᠂ ︽ᠶᠡᠭᠡ ᠵᠥᠩ ᠤᠨ ᠢᠳᠡᠰᠢᠨ ᠨᠣᠭᠤᠭ᠎ᠠ︾ ᠵᠡᠷᠭᠡ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠭᠦᠨᠵᠡᠭᠡᠶ ᠠᠭᠤᠳᠠᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢ 3 ᠪᠣᠶ ᠪᠣᠯᠭᠠᠪᠠ᠃ ︽ᠡᠯᠧᠺᠲᠷᠣᠨ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ ᠰᠢᠭᠤᠳ ᠨᠡᠪᠲᠡᠷᠡᠭᠦᠯᠭᠡ︾᠂ ︽ᠲᠠᠷᠢᠶᠠᠯᠠᠩ ᠤᠨ ᠪᠦᠲᠦᠭᠡᠭᠳᠡᠬᠦᠨ ᠤ ᠡᠭᠦᠯᠡᠨ ᠦᠵᠡᠭᠦᠯᠦᠯᠭᠡ︾ ᠵᠡᠷᠭᠡ ᠠᠵᠢᠯᠯᠠᠭ᠎ᠠ ᠶᠢ 20 ᠲᠠᠯᠠᠪᠤᠷ ᠥᠷᠨᠢᠭᠦᠯᠵᠦ᠂ ᠨᠡᠷᠡᠲᠦ ᠨᠡᠪᠲᠡᠷᠡᠭᠦᠯᠦᠭᠴᠢ ᠶᠢ ᠤᠷᠢᠵᠤ ᠪᠠᠷᠠᠭ᠎ᠠ ᠬᠤᠳᠠᠯᠳᠤᠭᠤᠯᠵᠤ᠂ ᠰᠦᠯᠵᠢᠶᠡᠨ ᠳᠡᠭᠡᠷᠡᠬᠢ ᠦᠵᠡᠭᠴᠢᠳ ᠢ 1000 ᠲᠦᠮᠡᠨ ᠬᠥᠮᠦᠨ ᠤᠳᠠᠭ᠎ᠠ ᠲᠠᠲᠠᠵᠠᠢ᠃ ᠣᠲᠣ ᠪᠣᠯᠲᠠᠯ᠎ᠠ᠂ ᠪᠥᠬᠦ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠲᠣᠤᠷ ᠰᠦᠯᠵᠢᠶᠡᠨ ᠤ ᠪᠣᠷᠣᠯᠠᠭᠤᠯᠤᠯᠲᠠ ᠶᠢᠨ ᠬᠡᠮᠵᠢᠶ᠎ᠡ 4000 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40% ᠪᠠᠷ ᠨᠡᠮᠡᠭᠳᠡᠨ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠦᠷ᠎ᠡ ᠪᠦᠲᠦᠭᠡᠯ ᠢᠯᠡᠳᠲᠡ ᠪᠣᠯᠪᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号