ᠨᠢᠩᠴᠧᠩ ᠰᠢᠶᠠᠨ ᠤ ᠣᠶᠤᠨᠴᠢ ᠨᠠᠰᠤᠵᠢᠯ ᠤᠨ ᠠᠰᠠᠷᠠᠮᠵᠢ ᠨᠢ ᠨᠠᠰᠤᠳᠠᠶᠢᠴᠤᠳ ᠲᠤ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠦᠨ᠎ᠡ
ᠨᠡᠶᠢᠲᠡᠯᠡᠭᠰᠡᠨ ᠴᠠᠭ᠄
2025/6/11
    ᠨᠢᠭᠡ ᠳᠤ᠂ ᠣᠶᠤᠨᠴᠢ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢ ᠨᠠᠷᠢᠯᠢᠭ ᠣᠨᠣᠴᠠᠲᠠᠶ ᠪᠣᠯᠭᠠᠬᠤ ᠶᠢ ᠪᠡᠶᠡᠯᠡᠭᠦᠯᠪᠡ᠃ ᠪᠦᠬᠦ ᠰᠢᠶᠠᠨ ᠤ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ 30 ᠦᠢᠯᠡᠴᠢᠯᠡᠭᠡᠨ ᠤ ᠪᠠᠶᠢᠭᠤᠯᠤᠮᠵᠢ ᠳᠤ ᠵᠠᠯᠭᠠᠨ ᠣᠷᠣᠭᠤᠯᠪᠠ᠃ 2 ᠲᠦᠮᠡᠨ ᠨᠠᠰᠤᠲᠠᠶᠢᠴᠤᠳ ᠲᠤ ᠣᠶᠤᠨᠴᠢ ᠪᠠᠭᠤᠪᠴᠢ ᠲᠣᠬᠢᠷᠠᠭᠤᠯᠵᠤ᠂ ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠪᠠᠴᠢᠮ ᠳᠠᠭᠤᠳᠠᠯᠲᠠ᠂ ᠪᠠᠶᠢᠷᠢ ᠲᠣᠭᠲᠠᠭᠠᠯᠲᠠ ᠶᠢᠨ ᠮᠥᠷᠳᠡᠯᠲᠡ ᠵᠡᠷᠭᠡ ᠦᠢᠯᠡᠴᠢᠯᠡᠭᠡ ᠬᠠᠩᠭᠠᠪᠠ᠃ 500 ᠭᠠᠷᠤᠶ ᠪᠠᠴᠢᠮ ᠲᠤᠰᠠᠯᠠᠮᠵᠢ ᠭᠤᠶᠤᠴᠢᠯᠠᠭᠰᠠᠨ ᠬᠡᠷᠡᠭ ᠢ ᠰᠢᠢᠳᠪᠦᠷᠢᠯᠡᠵᠦ᠂ ᠲᠤᠰᠬᠠᠯ ᠢ ᠮᠦᠷᠲᠡᠬᠦ ᠴᠠᠭ ᠢ 5 ᠮᠢᠨᠦ᠋ᠲ ᠪᠣᠯᠭᠠᠨ ᠪᠣᠭᠤᠨᠢᠰᠬᠠᠵᠤ᠂ ᠨᠠᠰᠤᠲᠠᠶᠢᠴᠤᠳ ᠲᠤ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠣᠶᠤᠨᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠪᠠ᠃    ᠬᠤᠶᠠᠷ ᠲᠤ᠂ ᠣᠯᠠᠨ ᠡᠰᠢᠲᠦ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠡᠮᠴᠢᠯᠡᠭᠡᠨ ᠤ ᠪᠠᠶᠢᠭᠤᠯᠤᠮᠵᠢ᠂ ᠢᠳᠡᠭᠡᠨ ᠤᠮᠳᠠᠭᠠᠨ ᠤ ᠠᠵᠤ ᠠᠬᠤᠶᠢᠯᠠᠯ ᠵᠡᠷᠭᠡ ᠲᠠᠢ ᠬᠠᠮᠲᠤᠷᠠᠨ᠂ ᠡᠮ ᠡᠮᠨᠡᠯᠭᠡ ᠶᠢ ᠲᠤᠰᠠᠯᠠᠬᠤ᠂ ᠬᠤᠭᠤᠯᠠ ᠤᠮᠳᠠ ᠶᠢ ᠲᠤᠰᠠᠯᠠᠬᠤ᠂ ᠴᠡᠪᠡᠷᠯᠡᠬᠦ ᠶᠢ ᠲᠤᠰᠠᠯᠠᠬᠤ ᠵᠡᠷᠭᠡ ︽ᠠᠷᠪᠠ ᠶᠢ ᠲᠤᠰᠠᠯᠠᠬᠤ︾ ᠦᠢᠯᠡᠴᠢᠯᠡᠭᠡ ᠭᠠᠷᠭᠠᠪᠠ᠃ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ᠢ 10 ᠪᠠᠶᠢᠭᠤᠯᠵᠤ᠂ ᠡᠳᠦᠷ ᠪᠦᠷᠢ ᠠᠰᠠᠷᠠᠨ ᠬᠠᠷᠠᠭᠠᠯᠵᠠᠬᠤ᠂ ᠡᠷᠡᠭᠦᠯᠵᠢᠯ ᠰᠤᠪᠢᠯᠠᠯᠲᠠ ᠵᠡᠷᠭᠡ ᠦᠢᠯᠡᠴᠢᠯᠡᠭᠡ ᠬᠠᠩᠭᠠᠵᠤ᠂ ᠡᠳᠦᠷ ᠪᠦᠷᠢ ᠳᠤᠮᠳᠠᠴᠢ ᠪᠠᠷ 800 ᠬᠥᠮᠦᠨ ᠤᠳᠠᠭ᠎ᠠ ᠨᠠᠰᠤᠲᠠᠶᠢᠴᠤᠳ ᠳᠤ ᠦᠢᠯᠡᠴᠢᠯᠡᠨ᠎ᠡ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠨᠠᠰᠤᠲᠠᠶᠢᠴᠤᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠠᠩᠭᠠᠨ᠎ᠠ᠃    ᠭᠤᠷᠪᠠ ᠳᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠠᠰᠠᠷᠠᠭᠴᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠢ 20 ᠬᠤᠭᠤᠴᠠᠭ᠎ᠠ ᠥᠷᠨᠢᠭᠦᠯᠵᠦ᠂ 1000 ᠬᠥᠮᠦᠨ ᠤᠳᠠᠭ᠎ᠠ ᠪᠣᠯᠪᠠᠰᠤᠷᠠᠯ ᠳᠤ ᠤᠷᠤᠯᠴᠠᠪᠠ᠃ ᠨᠠᠰᠤᠵᠢᠯ ᠤᠨ ᠠᠰᠠᠷᠠᠮᠵᠢ ᠶᠢᠨ ᠲᠤᠰᠬᠠᠶ ᠦᠢᠯᠡᠴᠢᠯᠡᠭᠡᠨ ᠤ ᠪᠦᠯᠬᠦᠮ ᠢ 5 ᠣᠷᠣᠭᠤᠯᠤᠨ ᠠᠪᠴᠢᠷᠠᠵᠤ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠪᠡ᠃ ᠪᠣᠯᠪᠠᠰᠤᠷᠠᠯ ᠢᠶᠠᠷ ᠳᠡᠮᠵᠢᠨ᠂ ᠨᠠᠰᠤᠵᠢᠯ ᠤᠨ ᠠᠰᠠᠷᠠᠮᠵᠢ ᠶᠢᠨ ᠠᠰᠠᠷᠠᠭᠴᠢ ᠶᠢᠨ ᠦᠨᠡᠮᠯᠡᠯ ᠲᠠᠢ ᠠᠵᠢᠯ ᠤᠨ ᠪᠠᠶᠢᠷᠢ ᠳᠤ ᠭᠠᠷᠤᠭᠰᠠᠨ ᠨᠣᠷᠮ᠎ᠠ 100% ᠳᠤ ᠬᠦᠷᠴᠦ᠂ ᠦᠢᠯᠡᠴᠢᠯᠡᠭᠡᠨ ᠤ ᠶᠠᠰᠤ ᠴᠢᠨᠠᠷ ᠢᠯᠡᠳᠲᠡ ᠳᠡᠭᠡᠭᠰᠢᠯᠡᠭᠦᠯᠦᠨ᠂ ᠨᠠᠰᠤᠲᠠᠶᠢᠴᠤᠳ ᠤᠨ ᠬᠠᠨᠤᠮᠵᠢ ᠶᠢᠨ ᠬᠡᠮᠵᠢᠶ᠎ᠡ 98% ᠳᠤ ᠬᠦᠷᠴᠦ᠂ ᠨᠠᠰᠤᠲᠠᠶᠢᠴᠤᠳ ᠲᠤ ᠥᠲᠡᠯᠦᠭᠡ ᠨᠠᠰᠤ ᠪᠠᠨ ᠵᠣᠯ ᠵᠢᠷᠭᠠᠯ ᠲᠠᠢ  ᠦᠩᠭᠡᠷᠡᠭᠦᠯᠬᠦ ᠳᠤ ᠰᠠᠭᠤᠷᠢ ᠪᠣᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号