| ᠨᠢᠭᠡ ᠳᠤ᠂ ᠬᠠᠮᠠᠭᠠᠯᠠᠵᠤ ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠲᠡᠦᠬᠡ ᠶᠢᠨ ᠳᠤᠷᠠᠰᠤᠮᠵᠢ ᠶᠢ | ᠰᠡᠷᠭᠦᠭᠡᠪᠡ᠃ ᠳᠡᠭᠡᠳᠦ ᠱᠠᠲᠤᠨ ᠤ ᠲᠤᠰᠬᠠᠶ ᠵᠦᠢᠯ ᠤᠨ ᠪᠡᠯᠡ ᠮᠥᠩᠭᠦ ᠶᠢ 1200 ᠲᠦᠮᠡᠨ ᠲᠥᠭᠦᠷᠢᠭ ᠲᠡᠮᠡᠴᠡᠨ | ᠣᠯᠬᠤ ᠪᠠᠷ ᠳᠠᠮᠵᠢᠭᠤᠯᠤᠨ᠂ 800 ᠲᠦᠮᠡᠨ ᠲᠥᠭᠦᠷᠢᠭ ᠤᠨ ᠨᠡᠶᠢᠭᠡᠮ ᠤᠨ ᠪᠡᠯᠡ ᠮᠥᠩᠭᠦ ᠲᠠᠢ ᠬᠤᠯᠪᠣᠭᠠᠯᠠᠨ᠂ | ᠯᠢᠶᠣᠤ ᠤᠯᠤᠰ ᠤᠨ ᠳᠤᠮᠳᠠᠳᠤ ᠨᠡᠶᠢᠰᠯᠡᠯ ᠤᠨ ᠪᠠᠭᠤᠷᠢ᠂ ᠹᠦ᠋ ᠹᠧᠩ ᠱᠠᠨ ᠴᠢᠯᠠᠭᠤᠨ ᠠᠭᠤᠶ ᠵᠡᠷᠭᠡ | ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠲᠤ ᠰᠡᠯᠪᠢᠨ ᠵᠠᠰᠠᠬᠤ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠲᠥᠬᠦᠭᠡᠷᠦᠮᠵᠢ ᠶᠢ ᠲᠠᠰ ᠳᠡᠪᠰᠢᠭᠦᠯᠬᠦ ᠢᠨᠵᠧᠨᠧᠷᠢᠩ ᠢ ᠥᠷᠨᠢᠭᠦᠯᠪᠡ᠃ ᠯᠢᠶᠤᠤ ᠤᠯᠤᠰ ᠤᠨ | ᠳᠤᠮᠳᠠᠳᠤ ᠨᠡᠶᠢᠰᠯᠡᠯ ᠤᠨ ᠶᠡᠭᠡ ᠰᠤᠪᠤᠷᠭ᠎ᠠ ᠶᠢᠨ ᠰᠠᠭᠤᠷᠢ ᠰᠠᠭᠤᠳᠠᠯ ᠢ ᠪᠠᠬᠢᠵᠢᠭᠦᠯᠬᠦ᠂ ᠡᠷᠬᠢᠨ ᠲᠣᠭᠤᠷᠢᠨ ᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠥᠷᠥᠯ ᠵᠦᠢᠯ ᠢ ᠪᠡᠶᠡᠯᠡᠭᠦᠯᠵᠦ᠂ 20 ᠭᠠᠷᠤᠶ ᠲᠡᠭᠰᠢ | ᠳᠥᠷᠪᠡᠯᠵᠢᠨ ᠮᠧᠲᠷ ᠡᠪᠳᠡᠭᠳᠡᠭᠰᠡᠨ ᠬᠠᠨ᠎ᠠ ᠶᠢᠨ ᠵᠢᠷᠤᠭ ᠢ ᠵᠠᠰᠠᠨ ᠰᠡᠷᠭᠦᠭᠡᠪᠡ᠃ ᠣᠳᠣᠬᠠᠨ ᠪᠣᠯᠲᠠᠯ᠎ᠠ᠂ ᠰᠢᠶᠠᠨ ᠤ | ᠬᠡᠪᠴᠢᠶᠡᠨ ᠳᠠᠬᠢ 8 ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢ | ᠪᠦᠲᠦᠮᠵᠢᠲᠡᠶ ᠰᠡᠯᠪᠢᠨ ᠵᠠᠰᠠᠵᠤ᠂ ᠵᠢᠯ ᠤᠨ ᠭᠥᠯᠢᠶᠡᠨ ᠠᠪᠬᠤ ᠵᠤᠭᠠᠴᠠᠭᠰᠠᠳ ᠤᠨ ᠬᠡᠮᠵᠢᠶ᠎ᠡ 30% ᠪᠠᠷ ᠨᠡᠮᠡᠭᠳᠡᠵᠦ | ᠂ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠣᠯᠠᠨ ᠲᠦᠮᠡᠨ ᠳᠤ ᠬᠦᠷᠲᠡᠭᠡᠪᠡ᠃ | ᠬᠤᠶᠠᠷ ᠲᠤ᠂ ᠠᠮᠢᠳᠤᠯᠢᠭ ᠠᠰᠢᠭᠯᠠᠬᠤ ᠰᠢᠨ᠎ᠡ ᠶᠢ ᠡᠭᠦᠳᠬᠦ ᠶᠢ ᠠᠬᠢᠭᠤᠯᠵᠤ᠂ ᠰᠣᠶᠣᠯ ᠤᠨ ᠭᠧᠨ ᠢ | ᠤᠯᠠᠮᠵᠢᠯᠠᠨ᠎ᠠ᠃ ︽ᠰᠣᠶᠣᠯ ᠤᠨ ᠥᠪ ᠤᠨ ᠰᠤᠳᠤᠯᠭᠠᠨ︾᠂ ︽ᠰᠣᠶᠣᠯ ᠤᠨ ᠥᠪ ᠤᠨ ᠵᠢᠭᠤᠯᠴᠢᠯᠠᠯ︾ ᠢ | ᠠᠭᠤᠰᠤᠯᠴᠠᠭᠤᠯᠬᠤ ᠵᠠᠭᠪᠤᠷ ᠢ ᠪᠣᠶ ᠪᠣᠯᠭᠠᠵᠤ᠂ ᠯᠢᠶᠣᠤ ᠤᠯᠤᠰ ᠤᠨ ᠰᠣᠶᠣᠯ ᠤᠨ ᠭᠤᠤᠯ ᠰᠡᠳᠦᠪᠲᠦ ᠰᠤᠳᠤᠯᠤᠨ | ᠰᠤᠷᠤᠯᠴᠠᠬᠤ ᠱᠤᠭᠤᠮ ᠢ 5 ᠵᠤᠷᠪᠤᠰ ᠨᠡᠭᠡᠭᠡᠨ ᠬᠥᠭᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ | ᠦᠢᠯᠡᠳᠭᠡᠯ ᠤᠨ 10 ᠭᠠᠵᠠᠷ ᠢ ᠪᠠᠶᠢᠭᠤᠯᠵᠤ᠂ ᠤᠯᠠᠮᠵᠢᠯᠠᠭᠴᠢ ᠶᠢ ᠤᠷᠢᠵᠤ ᠲᠤᠬᠠᠶ ᠶᠢᠨ ᠲᠠᠯᠠᠪᠠᠶ ᠳᠤ ᠬᠢᠳᠠᠨ | ᠬᠠᠳᠬᠤᠮᠠᠯ᠂ ᠭᠠᠷ ᠤᠷᠠᠯᠠᠯ ᠤᠨ ᠴᠠᠭᠠᠰᠤᠨ ᠬᠠᠶᠢᠴᠢᠯᠠᠮᠠᠯ ᠵᠡᠷᠭᠡ ᠤᠷ᠎ᠠ ᠮᠡᠷᠭᠡᠵᠢᠯ ᠢ ᠳᠡᠯᠭᠡᠨ ᠦᠵᠡᠭᠦᠯᠪᠡ᠃ | ᠯᠢᠶᠤᠤ ᠤᠯᠤᠰ ᠤᠨ ᠰᠤᠶᠤᠯ ᠤᠨ ᠨᠠᠶᠢᠷ᠂ ᠪᠤᠳᠠᠰ ᠤᠨ ᠪᠤᠰᠤ ᠰᠤᠶᠤᠯ ᠤᠨ ᠦᠪ ᠤᠨ ᠦᠵᠡᠬᠦᠯᠦᠯᠬᠡ ᠵᠡᠷᠬᠡ 25 | ᠲᠠᠯᠠᠪᠠᠢ ᠠᠵᠢᠯᠯᠠᠭᠠᠨ ᠢ ᠡᠷᠬᠢᠯᠡᠵᠦ᠂ ᠤᠯᠠᠨ ᠲᠦᠮᠡᠨ 15 ᠲᠦᠮᠡᠨ ᠬᠦᠮᠦᠨ ᠤᠳᠠᠭ᠎ᠠ ᠤᠷᠤᠯᠴᠠᠵᠦ᠂ ᠰᠤᠶᠤᠯ ᠤᠨ | ᠦᠪ ᠢ ︽ᠠᠮᠢᠯᠠᠭᠤᠯᠪᠠ︾᠃ | ᠭᠤᠷᠪᠠ ᠳᠤ᠂ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ | ᠬᠠᠮᠠᠭᠠᠯᠠᠬᠤ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃ ︽ᠨᠢᠩᠴᠧᠩ ᠰᠢᠶᠠᠨ ᠤ ᠰᠣᠶᠣᠯ ᠤᠨ ᠥᠪ ᠤᠨ | ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ ᠲᠤᠰᠬᠠᠶ ᠮᠡᠷᠭᠡᠵᠢᠯ ᠤᠨ ᠲᠡᠤᠬᠡ ᠶᠢᠨ ᠳᠤᠷᠠᠰᠬᠠᠯᠲᠤ | ᠵᠦᠢᠯᠡᠰ ᠤᠨ ᠲᠣᠭᠤᠷᠢᠨ ᠪᠠᠶᠢᠴᠠᠭᠠᠬᠤ ᠡᠩᠨᠡᠭᠡ ᠶᠢ 15 ᠵᠣᠬᠢᠶᠠᠨ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ | ᠲᠣᠭᠤᠷᠢᠨ ᠪᠠᠶᠢᠴᠠᠭᠠᠬᠤ ᠪᠠ ᠲᠤᠰᠬᠠᠶ ᠵᠦᠢᠯ ᠤᠨ ᠪᠠᠶᠢᠴᠠᠭᠠᠯᠲᠠ ᠶᠢ 40 ᠤᠳᠠᠭ᠎ᠠ ᠥᠷᠨᠢᠭᠦᠯᠵᠦ᠂ ᠬᠠᠤᠯᠢ ᠪᠤᠰᠤ | ᠲᠡᠤᠬᠡ ᠶᠢᠨ ᠳᠤᠷᠠᠰᠬᠠᠯᠲᠤ ᠵᠦᠢᠯ ᠤᠨ ᠠᠷᠠᠯᠵᠢᠶᠠᠨ ᠤ ᠠᠵᠢᠯᠯᠠᠭ᠎ᠠ ᠶᠢ 3 ᠤᠳᠠᠭ᠎ᠠ ᠪᠠᠶᠢᠴᠠᠭᠠᠨ ᠰᠢᠢᠳᠪᠦᠷᠢᠯᠡᠪᠡ᠃ | ︽ᠵᠠᠰᠠᠭ ᠤᠨ ᠣᠷᠳᠣᠨ ᠨᠡᠶᠢᠭᠡᠮ ᠤᠨ ᠣᠷᠣᠯᠴᠠᠯᠭ᠎ᠠ ᠶᠢ ᠭᠤᠣᠯᠯᠠᠨ ᠵᠢᠯᠣᠭᠤᠳᠬᠤ︾ ᠬᠠᠮᠠᠭᠠᠯᠠᠯᠲᠠ ᠶᠢᠨ | ᠰᠢᠰᠲ᠋ᠧᠮ ᠢ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠴᠢ ᠶᠢ 200 ᠣᠷᠣᠭᠤᠯᠤᠨ ᠡᠳᠦᠷ ᠲᠤᠳᠤᠮ ᠤᠨ | ᠬᠠᠮᠢᠶᠠᠷᠤᠯᠲᠠ ᠬᠠᠮᠠᠭᠠᠯᠠᠯᠲᠠ ᠳᠤ ᠣᠷᠣᠯᠴᠠᠭᠤᠯᠵᠤ᠂ ᠪᠦᠬᠦ ᠨᠡᠶᠢᠭᠡᠮ ᠢᠶᠠᠷ ᠢᠶᠠᠨ ᠰᠣᠶᠣᠯ ᠤᠨ ᠥᠪ ᠢ ᠬᠠᠮᠲᠤ ᠪᠠᠷ | ᠰᠠᠬᠢᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ |