| ᠨᠢᠭᠡ ᠳᠤ᠂ ᠬᠤᠲᠠ ᠶᠢᠨ ᠵᠠᠰᠠᠯᠲᠠ ᠳᠤ ᠤᠶᠤᠨᠲᠦ ᠴᠢᠳᠡᠪᠬᠢ ᠶᠢ ᠨᠡᠮᠡᠷᠢᠯᠡᠵᠦ᠂ ᠬᠠᠮᠢᠶᠠᠷᠤᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ︽ᠬᠤᠲᠠ ᠶᠢᠨ ᠶᠡᠭᠡ ᠲᠠᠷᠢᠬᠢ︾ ᠶᠢᠨ ᠣᠶᠤᠨᠴᠢ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠵᠤ᠂ ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ᠂ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ 12 ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ᠂ 5000 ᠭᠠᠷᠤᠶ | ᠳᠦᠷᠰᠦ ᠰᠢᠩᠭᠡᠭᠡᠬᠦ ᠮᠠᠰᠢᠨ ᠲᠠᠢ ᠵᠠᠯᠭᠠᠵᠤ᠂ ᠵᠠᠮ ᠡᠵᠡᠯᠡᠨ ᠡᠵᠡᠩᠨᠡᠬᠦ᠂ ᠬᠤᠭ ᠨᠣᠪᠰᠢ ᠣᠪᠣᠭᠠᠯᠠᠨ ᠲᠠᠯᠪᠢᠬᠤ ᠵᠡᠷᠭᠡ | ᠠᠰᠠᠭᠤᠳᠠᠯ ᠢ ᠣᠶᠤᠨᠴᠢ ᠪᠠᠷ ᠢᠯᠭᠠᠨ ᠲᠠᠨᠢᠬᠤ᠂ ᠠᠶᠠᠨᠳᠠᠭᠠᠨ ᠬᠠᠭᠤᠳᠠᠰᠤ ᠲᠣᠮᠢᠯᠠᠬᠤ ᠶᠢ ᠪᠡᠶᠡᠯᠡᠭᠦᠯᠪᠡ᠃ | ᠲᠠᠪᠴᠠᠩ ᠢᠶᠠᠷ ᠳᠠᠮᠵᠢᠭᠤᠯᠤᠨ ᠬᠤᠲᠠ ᠶᠢᠨ ᠬᠠᠮᠢᠶᠠᠷᠤᠯᠲᠠ ᠶᠢᠨ ᠬᠡᠷᠡᠭ ᠢ 2.3 ᠲᠦᠮᠡᠨ ᠬᠤᠪᠢ ᠰᠢᠢᠳᠪᠦᠷᠢᠯᠡᠵᠦ᠂ | ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 98% ᠳᠤ ᠬᠦᠷᠴᠦ᠂ ᠠᠰᠠᠭᠤᠳᠠᠯ ᠢ ᠢᠯᠡᠷᠡᠭᠦᠯᠪᠡᠯ ᠰᠢᠢᠳᠪᠦᠷᠢᠯᠡᠬᠦ | ᠴᠠᠭ ᠢ ᠳᠤᠮᠳᠠᠴᠢ ᠪᠠᠷ 2 ᠴᠠᠭ ᠪᠣᠯᠭᠠᠨ ᠪᠣᠭᠤᠨᠢᠰᠬᠠᠪᠠ᠃ | ᠬᠤᠶᠠᠷ ᠲᠤ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠬᠤᠳᠠ ᠶᠢᠨ ᠦᠵᠡᠮᠵᠢ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠪᠡ᠃ ︽ᠬᠤᠲᠠ ᠶᠢᠨ ᠳᠦᠷᠢ ᠳᠦᠷᠬᠦ ᠵᠠᠭᠤᠨ ᠡᠳᠦᠷ ᠤᠨ ᠪᠣᠭᠤᠮᠲᠠ ᠰᠢᠪᠲᠤᠯᠬᠤ︾ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ ᠫᠠᠶᠢᠰᠠ | ᠢᠯᠡᠷᠬᠡᠶᠢᠯᠡᠯ ᠢ 800 ᠭᠠᠷᠤᠶ ᠴᠡᠭᠴᠡᠯᠡᠨ ᠵᠠᠰᠠᠵᠤ᠂ ᠮᠠᠰᠢᠨᠲᠤ ᠪᠤᠰᠤ ᠲᠡᠷᠭᠡ ᠵᠣᠭᠰᠣᠬᠤ ᠴᠡᠭ ᠢ 120 | ᠵᠢᠷᠤᠮᠵᠢᠭᠤᠯᠵᠤ᠂ 500 ᠭᠠᠷᠤᠶ ᠭᠠᠵᠠᠷ ᠢ ᠴᠡᠪᠡᠷᠯᠡᠪᠡ᠃ ᠠᠷᠠᠳ ᠲᠤ ᠲᠥᠬᠦᠮ ᠦᠵᠡᠭᠦᠯᠬᠦ 3 ᠵᠠᠬ᠎ᠠ ᠳᠡᠯᠭᠡᠭᠦᠷ ᠢ | ᠰᠢᠨ᠎ᠡ ᠪᠠᠷ ᠪᠠᠶᠢᠭᠤᠯᠵᠤ᠂ 300 ᠭᠠᠷᠤᠶ ᠨᠡᠭᠦᠳᠡᠯ ᠳᠡᠯᠭᠡᠭᠦᠷᠴᠢᠨ ᠢ ᠬᠥᠲᠥᠯᠥᠨ ᠵᠢᠯᠣᠭᠤᠳᠴᠤ᠂ ᠬᠤᠲᠠ ᠶᠢᠨ | ᠭᠤᠤᠯ ᠵᠠᠮ ᠤᠨ ᠬᠤᠲᠠ ᠶᠢᠨ ᠦᠵᠡᠮᠵᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 75% ᠠᠴᠠ 95% | ᠪᠣᠯᠲᠠᠯ᠎ᠠ ᠳᠡᠭᠡᠭᠰᠢᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ | ᠭᠤᠷᠪᠠ ᠳᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠲᠠ ᠶᠢᠨ | ᠴᠢᠳᠠᠮᠵᠢ ᠶᠢ ᠨᠡᠮᠡᠭᠳᠡᠭᠦᠯᠪᠡ᠃ 1.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠤᠷᠤᠭᠠᠨ ᠤ ᠤᠰᠤ ᠪᠠ | ᠪᠣᠬᠢᠷ ᠤᠰᠤ ᠶᠢ ᠰᠠᠯᠭᠠᠬᠤ ᠬᠤᠭᠤᠯᠠᠢ ᠲᠣᠣᠷ ᠢ 30 ᠺᠢᠯᠤᠮᠧᠲᠷ ᠥᠭᠡᠷᠡᠴᠢᠯᠡᠵᠦ᠂ ᠨᠡᠶᠢᠲᠡ ᠶᠢᠨ ᠵᠣᠷᠯᠣᠩ ᠢ 20 | ᠰᠢᠨ᠎ᠡ ᠪᠠᠷ ᠪᠠᠶᠢᠭᠤᠯᠵᠤ᠂ ᠨᠣᠭᠤᠭᠠᠷᠠᠭᠤᠯᠤᠯᠲᠠ ᠶᠢᠨ ᠲᠠᠯᠠᠪᠠᠢ ᠶᠢ 15 ᠲᠦᠮᠡᠨ ᠲᠡᠭᠰᠢ ᠳᠥᠷᠪᠡᠯᠵᠢᠨ ᠮᠧᠲᠷ | ᠰᠢᠨ᠎ᠡ ᠪᠠᠷ ᠨᠡᠮᠡᠭᠳᠡᠭᠦᠯᠪᠡ᠃ ᠬᠠᠭᠤᠴᠢᠨ ᠵᠡᠭᠡᠯᠢ ᠲᠣᠭᠤᠷᠢᠭ ᠲᠤ ᠣᠶᠤᠨᠲᠤ ᠲᠡᠷᠭᠡ ᠵᠣᠭᠰᠣᠭᠠᠬᠤ ᠰᠢᠰᠲ᠋ᠧᠮ ᠢ | ᠨᠡᠮᠡᠨ ᠤᠭᠰᠠᠷᠠᠵᠤ᠂ 1000 ᠲᠡᠷᠭᠡ ᠵᠣᠭᠰᠣᠭᠠᠬᠤ ᠪᠠᠶᠢᠷᠢ ᠶᠢ ᠰᠢᠨ᠎ᠡ ᠪᠠᠷ ᠨᠡᠮᠡᠭᠳᠡᠭᠦᠯᠦᠨ᠂ ᠲᠡᠷᠭᠡ ᠵᠣᠭᠰᠣᠭᠠᠬᠤ | ᠬᠦᠴᠢᠷ ᠠᠰᠠᠭᠤᠳᠠᠯ ᠢ ᠨᠠᠮᠳᠠᠭᠤᠯᠵᠤ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠵᠢᠭᠠᠯᠲᠠ ᠲᠤᠭ᠎ᠠ | ᠲᠠᠰᠤᠷᠠᠯᠲᠠ ᠦᠭᠡᠢ ᠳᠡᠭᠡᠭᠰᠢᠯᠡᠪᠡ᠃ | |