| ᠨᠢᠭᠡ ᠳᠤ᠂ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠵᠤ᠂ ᠪᠣᠯᠪᠠᠰᠤᠷᠠᠯ ᠤᠨ ᠬᠢᠴᠢᠶᠡᠯ | ᠵᠣᠬᠢᠶᠠᠨ᠎ᠠ᠃ ᠰᠢᠶᠠᠨ ᠤ ᠬᠡᠪᠴᠢᠶᠡᠨ ᠤ ᠣᠳᠣ ᠦᠶ᠎ᠡ ᠶᠢᠨ ᠲᠠᠷᠢᠶᠠᠯᠠᠩ ᠵᠡᠷᠭᠡ ᠭᠤᠣᠯᠳᠠᠯᠭ᠎ᠠ ᠲᠠᠢ ᠠᠵᠤ ᠦᠢᠯᠡᠰ ᠢ | ᠭᠦᠨᠵᠡᠭᠡᠶ ᠪᠠᠶᠢᠴᠠᠭᠠᠨ ᠰᠤᠳᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠲᠠᠢ ᠬᠠᠮᠲᠤᠷᠠᠨ ︽ᠵᠠᠬᠢᠶᠠᠯᠠᠭ᠎ᠠ ᠶᠢᠨ | ᠮᠠᠶ᠋ᠢᠭ︾ ᠤᠨ ᠪᠣᠯᠪᠠᠰᠤᠷᠠᠯ ᠤᠨ ᠲᠥᠰᠦᠯ ᠢ ᠲᠣᠭᠲᠠᠭᠠᠵᠤ᠂ ᠲᠣᠭᠠᠴᠢᠯᠠᠭᠰᠠᠨ ᠰᠠᠤᠷᠢ ᠮᠠᠰᠢᠨ ᠤ ᠠᠵᠢᠯᠯᠠᠭ᠎ᠠ᠂ | ᠢᠳᠡᠭᠡᠨ ᠤ ᠮᠥᠭᠦ ᠲᠠᠷᠢᠬᠤ ᠵᠡᠷᠭᠡ ᠣᠨᠴᠠᠯᠢᠭᠲᠤ ᠬᠢᠴᠢᠶᠡᠯ 20 ᠨᠡᠭᠡᠭᠡᠨ᠎ᠡ᠃ 15 ᠠᠵᠤ ᠠᠬᠤᠶᠢᠯᠠᠯ ᠲᠠᠢ ︽ | ᠪᠣᠯᠪᠠᠰᠤᠷᠠᠭᠤᠯᠬᠤ-ᠠᠵᠢᠯ ᠣᠯᠭᠤᠬᠤ︾ ᠰᠢᠭᠤᠳ ᠨᠡᠪᠲᠡᠷᠡᠬᠦ ᠲᠡᠷᠭᠡ ᠶᠢ ᠪᠠᠶᠢᠭᠤᠯᠵᠤ᠂ ᠪᠣᠯᠪᠠᠰᠤᠷᠠᠯ ᠤᠨ ᠳᠠᠷᠠᠭ᠎ᠠ | ᠰᠢᠭᠤᠳ ᠠᠵᠢᠯ ᠤᠨ ᠪᠠᠶᠢᠷᠢ ᠳᠤ ᠭᠠᠷᠤᠭᠰᠠᠨ ᠨᠣᠷᠮ᠎ᠠ ᠨᠢ 70% ᠳᠤ ᠬᠥᠷᠪᠡ᠃ ᠡᠨᠡ ᠵᠢᠯ ᠨᠢᠭᠡᠨᠲᠡ | ᠪᠣᠯᠪᠠᠰᠤᠷᠠᠯ ᠤᠨ ᠠᠩᠭᠢ ᠶᠢ 40 ᠬᠤᠭᠤᠴᠠᠭ᠎ᠠ ᠥᠷᠨᠢᠭᠦᠯᠵᠦ᠂ 2500 ᠬᠥᠮᠦᠨ ᠤᠳᠠᠭ᠎ᠠ ᠪᠣᠯᠪᠠᠰᠤᠷᠠᠯ ᠳᠤ | ᠤᠷᠤᠯᠴᠠᠪᠠ᠃ | ᠬᠤᠶᠠᠷ ᠲᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ | ᠪᠣᠳᠠᠲᠤ ᠠᠵᠢᠯᠯᠠᠭᠠᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ 1000 ᠲᠦᠮᠡᠨ ᠲᠥᠭᠦᠷᠢᠭ ᠤᠨ ᠪᠡᠯᠡ ᠮᠥᠩᠭᠦ | ᠣᠷᠣᠭᠤᠯᠵᠤ᠂ ᠰᠢᠶᠠᠨ ᠤ ᠱᠠᠲᠤᠨ ᠤ ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ 1᠂ | ᠰᠢᠶᠠᠩ ᠪᠠᠯᠭᠠᠰᠤᠨ ᠤ ᠣᠨᠴᠠᠯᠢᠭᠲᠤ ᠪᠣᠳᠠᠲᠠᠶ ᠪᠣᠯᠪᠠᠰᠤᠷᠠᠯ ᠤᠨ ᠴᠡᠭ ᠢ 8 ᠪᠠᠶᠢᠭᠤᠯᠵᠤ᠂ 1200 ᠭᠠᠷᠤᠶ | ᠲᠡᠷᠢᠭᠦᠨ ᠤ ᠳᠠᠳᠤᠯᠭ᠎ᠠ ᠪᠣᠯᠪᠠᠰᠤᠷᠠᠯ ᠤᠨ ᠲᠥᠬᠦᠭᠡᠷᠦᠮᠵᠢ ᠲᠣᠬᠢᠷᠠᠭᠤᠯᠤᠨ᠎ᠠ᠃ ᠠᠵᠤ ᠠᠬᠤᠶᠢᠯᠠᠯ ᠤᠨ ᠮᠡᠷᠭᠡᠵᠢᠯ ᠤᠨ | ᠭᠤᠣᠯᠯᠠᠭᠴᠢ ᠬᠦᠴᠦᠨ ᠢ ᠤᠷᠢᠵᠤ ᠳᠠᠳᠤᠯᠭ᠎ᠠ ᠪᠣᠯᠪᠠᠰᠤᠷᠠᠯ ᠤᠨ ᠵᠢᠯᠣᠭᠤᠳᠣᠭᠴᠢ ᠪᠠᠭᠰᠢ ᠪᠣᠯᠭᠠᠵᠤ᠂ ︽ᠣᠨᠣᠯ ᠤᠨ | ᠪᠣᠳᠠᠲᠤ ᠠᠵᠢᠯᠯᠠᠭ᠎ᠠ︾ ᠶᠢ ᠨᠢᠭᠡ ᠴᠣᠭᠴᠠᠵᠢᠭᠤᠯᠤᠭᠰᠠᠨ ᠵᠢᠭᠠᠨ ᠰᠤᠷᠭᠠᠯᠲᠠ ᠶᠢ ᠥᠷᠨᠢᠭᠦᠯᠵᠦ᠂ | ᠤᠷᠤᠯᠴᠠᠬᠰᠠᠳ ᠤᠨ ᠤᠷ᠎ᠠ ᠮᠡᠷᠭᠡᠵᠢᠯ ᠤᠨ ᠬᠢᠨᠠᠨ ᠰᠢᠯᠭᠠᠯᠲᠠ ᠶᠢ ᠥᠩᠭᠡᠷᠡᠭᠡᠭᠰᠡᠨ ᠨᠣᠷᠮ᠎ᠠ ᠶᠢ 92% ᠲᠤ | ᠬᠦᠷᠦᠭᠦᠯᠵᠦ᠂ ᠴᠢᠳᠠᠪᠤᠷᠢᠲᠠᠨ ᠤ ᠦᠰᠦᠨ ᠪᠤᠶᠢᠵᠢᠬᠤ ᠦᠶᠡᠯᠡᠯ ᠤᠨ ᠬᠤᠭᠤᠴᠠᠭ᠎ᠠ ᠶᠢ ᠪᠦᠲᠦᠮᠵᠢᠲᠡᠶ ᠪᠣᠭᠤᠨᠢᠰᠬᠠᠪᠠ | ᠃ | ᠭᠤᠷᠪᠠ ᠳᠤ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠪᠣᠯᠪᠠᠰᠤᠷᠠᠯ ᠤᠨ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠨᠢᠩᠴᠧᠩ ᠰᠢᠶᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠨᠥᠬᠦᠪᠥᠷᠢ ᠶᠢᠨ ᠠᠷᠭ᠎ᠠ︾ ᠶᠢ ᠨᠡᠶᠢᠲᠡᠯᠡᠵᠦ᠂ ᠪᠣᠯᠪᠠᠰᠤᠷᠠᠯ ᠳᠤ ᠤᠷᠤᠯᠴᠠᠬᠰᠠᠳ ᠲᠤ ᠬᠠᠮᠤᠭ ᠤᠨ | ᠥᠨᠳᠥᠷ ᠲᠡᠭᠡᠨ ᠬᠦᠮᠦᠨ ᠪᠦᠷᠢ ᠳᠤ 2000 ᠲᠥᠭᠦᠷᠢᠭ ᠤᠨ ᠪᠣᠯᠪᠠᠰᠤᠷᠠᠯ ᠤᠨ ᠨᠥᠬᠦᠪᠥᠷᠢ ᠣᠯᠭᠤᠵᠤ᠂ | ᠰᠢᠯᠢᠳᠡᠭ ᠪᠣᠯᠪᠠᠰᠤᠷᠠᠯ ᠤᠨ ᠪᠠᠶᠢᠭᠤᠯᠤᠮᠵᠢ ᠳᠤ ᠱᠠᠩᠨᠠᠯ ᠣᠯᠭᠤᠪᠠ᠃ ᠡᠨᠡ ᠵᠢᠯ ᠨᠢᠭᠡᠨᠲᠡ 500 ᠲᠦᠮᠡᠨ | ᠲᠥᠭᠦᠷᠢᠭ ᠤᠨ ᠪᠣᠯᠪᠠᠰᠤᠷᠠᠯ ᠤᠨ ᠨᠥᠬᠦᠪᠥᠷᠢ ᠣᠯᠭᠤᠵᠤ᠂ ᠠᠵᠢᠯ ᠮᠡᠷᠭᠡᠵᠢᠯ ᠤᠨ ᠴᠢᠳᠠᠪᠦᠷᠢ ᠶᠢᠨ ᠵᠡᠷᠭᠡ ᠳᠡᠰ ᠢ | ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢ 3 ᠰᠢᠨ᠎ᠡ ᠪᠠᠷ ᠨᠡᠮᠡᠭᠳᠡᠭᠦᠯᠵᠦ᠂ ᠮᠡᠷᠭᠡᠵᠢᠯ ᠤᠨ ᠴᠢᠳᠠᠪᠦᠷᠢ ᠶᠢᠨ ᠬᠢᠨᠠᠨ | ᠲᠣᠭᠲᠠᠭᠠᠯᠲᠠ ᠶᠢ 1500 ᠬᠥᠮᠦᠨ ᠤᠳᠠᠭ᠎ᠠ ᠥᠷᠨᠢᠭᠦᠯᠵᠦ᠂ ᠦᠨᠡᠮᠯᠡᠯ ᠲᠠᠢ ᠠᠵᠢᠯ ᠤᠨ ᠪᠠᠶᠢᠷᠢ ᠳᠤ ᠭᠠᠷᠤᠭᠰᠠᠨ | ᠨᠣᠷᠮ᠎ᠠ 85% ᠳᠤ ᠬᠦᠷᠴᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠳᠤ ᠴᠢᠳᠠᠪᠤᠷᠢᠲᠠᠨ ᠤ | ᠬᠥᠳᠡᠯᠭᠡᠬᠦ ᠬᠦᠴᠦᠨ ᠨᠡᠮᠡᠷᠢᠯᠡᠪᠡ᠃ |