| ᠨᠢᠭᠡ ᠳᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠵᠤ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ 1500 ᠲᠦᠮᠡᠨ ᠲᠥᠭᠦᠷᠢᠭ ᠤᠨ ᠪᠡᠯᠡ | ᠮᠥᠩᠭᠦ ᠣᠷᠣᠭᠤᠯᠵᠤ᠂ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠨᠢᠭᠡ | ᠳᠠᠷᠤᠪᠴᠢ ᠪᠠᠷ ᠲᠦᠭᠰᠢᠭᠦᠷᠢ ᠮᠡᠳᠡᠭᠦᠯᠬᠦ ᠰᠢᠰᠲ᠋ᠧᠮ᠂ ᠬᠥᠮᠦᠨ ᠤ ᠵᠢᠰᠦ ᠶᠢ ᠢᠯᠭᠠᠨ ᠲᠠᠨᠢᠬᠤ ᠡᠭᠦᠳᠡᠨ ᠬᠤᠷᠢᠭ᠎ᠠ | ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠲᠥᠬᠦᠭᠡᠷᠦᠮᠵᠢ ᠤᠭᠰᠠᠷᠠᠵᠤ᠂ ᠰᠤᠷᠭᠠᠭᠤᠯᠢ ᠶᠢᠨ ᠬᠦᠷᠢᠶᠡᠨ ᠤ | ᠬᠢᠨᠠᠨ ᠡᠵᠡᠮᠳᠡᠬᠦ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ 200 ᠭᠠᠷᠤᠶ ᠠᠮᠤᠷ ᠲᠦᠪᠰᠢᠨ ᠤ ᠳᠠᠯᠳᠠ ᠭᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠭᠠᠵᠠᠷ ᠬᠥᠳᠡᠯᠦᠯᠲᠡ ᠶᠢ ᠰᠡᠷᠭᠡᠶᠢᠯᠡᠬᠦ᠂ 120 ᠭᠠᠷᠤᠶ | ᠲᠠᠯᠠᠪᠠᠢ ᠭᠠᠯ ᠤᠨᠲᠠᠷᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠪᠠᠭᠰᠢ ᠰᠤᠷᠤᠭᠴᠢᠳ ᠤᠨ ᠪᠠᠴᠢᠮ ᠪᠠᠶᠢᠳᠠᠯ ᠢ | ᠠᠷᠭᠠᠴᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠣᠳᠣᠬᠠᠨ ᠳᠤ᠂ ᠪᠥᠬᠦ | ᠰᠢᠶᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠳᠡᠯ ᠭᠠᠷᠬᠤ ᠨᠣᠷᠮ᠎ᠠ ᠠᠳᠠᠯᠢ | ᠬᠤᠭᠤᠴᠠᠭᠠᠨ ᠤ ᠬᠢ ᠠᠴᠠ 60% ᠪᠠᠭᠤᠷᠠᠪᠠ᠃ | ᠬᠤᠶᠠᠷ ᠲᠤ᠂ ᠬᠡᠪ ᠴᠢᠨᠠᠷ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠵᠤ᠂ ᠪᠦᠬᠦ ᠲᠠᠯ᠎ᠠ ᠪᠠᠷ | ᠦᠰᠦᠨ ᠪᠤᠶᠢᠵᠢᠬᠤ ᠶᠢ ᠠᠬᠢᠭᠤᠯᠤᠨ᠎ᠠ᠃ ᠬᠥᠯ ᠪᠦᠮᠪᠦᠭᠡ ᠪᠡᠶ᠎ᠡ ᠶᠢᠨ ᠲᠠᠮᠢᠷ ᠭᠤᠸ᠎ᠠ ᠰᠠᠶᠢᠬᠠᠨ᠂ ᠬᠥᠳᠡᠯᠮᠦᠷᠢ ᠶᠢᠨ | ᠬᠥᠮᠦᠵᠢᠯ ᠵᠡᠷᠭᠡ ᠬᠢᠴᠢᠶᠡᠯ ᠢ ᠪᠦᠷᠢᠨ ᠨᠡᠭᠡᠭᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ | ᠦᠢᠯᠡᠳᠦᠯᠭᠡ ᠶᠢᠨ ᠰᠠᠭᠤᠷᠢᠨ ᠭᠠᠵᠠᠷ 20᠂ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ 3 ᠶᠢ | ᠪᠠᠶᠢᠭᠤᠯᠪᠠ᠃ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠨᠠᠶᠢᠷ᠂ ᠰᠢᠨᠵᠢᠯᠡᠬᠦ ᠤᠬᠠᠭᠠᠨ ᠮᠡᠷᠭᠡᠵᠢᠯ ᠤᠨ | ᠨᠠᠶᠢᠷ ᠵᠡᠷᠭᠡ ᠠᠵᠢᠯᠯᠠᠭ᠎ᠠ ᠶᠢ 100 ᠭᠠᠷᠤᠶ ᠤᠳᠠᠭ᠎ᠠ ᠡᠷᠭᠢᠯᠡᠵᠦ᠂ ᠰᠤᠷᠤᠭᠴᠢᠳ ᠢ ᠵᠣᠬᠢᠶᠠᠨ ᠪᠠᠶᠢᠭᠤᠯᠤᠨ ᠡᠯ᠎ᠡ | ᠲᠥᠷᠥᠯ ᠤᠨ ᠤᠷᠤᠯᠳᠤᠭᠠᠨ ᠳᠤ ᠣᠷᠣᠯᠴᠠᠭᠤᠯᠤᠨ 300 ᠭᠠᠷᠤᠶ ᠬᠥᠮᠦᠨ ᠤᠳᠠᠭ᠎ᠠ ᠱᠠᠩᠨᠠᠯ ᠣᠯᠭᠤᠪᠠ᠃ | ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠬᠡᠮᠵᠢᠨ ᠪᠠᠢᠴᠠᠭᠠᠯᠲᠠ ᠶᠢᠨ ᠬᠢᠷᠢ ᠲᠡᠩᠴᠡᠭᠰᠡᠨ | ᠨᠣᠷᠮ᠎ᠠ 92%᠂ ᠶᠡᠷᠦᠩᠬᠡᠢᠯᠡᠭᠰᠡᠨ ᠬᠡᠪ ᠴᠢᠨᠠᠷ ᠢ ᠦᠨᠡᠯᠡᠬᠦ ᠰᠢᠯᠢᠳᠡᠭ ᠤᠨ ᠨᠣᠷᠮ᠎ᠠ 15% ᠳᠡᠭᠡᠭᠰᠢᠯᠡᠪᠡ᠃ | ᠭᠤᠷᠪᠠ ᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠠᠩᠬᠠᠷᠴᠤ᠂ ᠵᠦᠪ ᠰᠠᠶᠢᠨ ᠰᠡᠳᠭᠢᠴᠡ ᠶᠢ | ᠬᠦᠮᠦᠵᠢᠭᠦᠯᠦᠨ᠎ᠡ᠃ ᠰᠢᠶᠠᠨ᠂ ᠰᠤᠷᠭᠠᠭᠤᠯᠢ ᠬᠤᠶᠠᠷ ᠱᠠᠲᠤᠨ ᠤ ᠰᠡᠳᠬᠢᠴᠡ ᠶᠢᠨ ᠡᠷᠡᠭᠦᠯ ᠮᠡᠨᠳᠦ ᠶᠢᠨ ᠬᠠᠪᠰᠤᠷᠤᠨ | ᠵᠢᠯᠣᠭᠤᠳᠬᠤ ᠲᠥᠪ ᠢ 25 ᠪᠠᠶᠢᠭᠤᠯᠵᠤ᠂ ᠰᠡᠳᠬᠢᠴᠡ ᠶᠢᠨ ᠲᠤᠰᠬᠠᠶ ᠪᠠᠭᠰᠢ 80 ᠲᠣᠬᠢᠷᠠᠭᠤᠯᠵᠤ᠂ 24 | ᠴᠠᠭ ᠤᠨ ᠰᠡᠳᠬᠢᠴᠡ ᠶᠢᠨ ᠲᠤᠰᠠᠯᠠᠮᠵᠢ ᠶᠢᠨ ᠤᠲᠠᠰᠤ ᠶᠢ ᠨᠡᠪᠲᠡᠷᠡᠭᠦᠯᠪᠡ᠃ ᠰᠡᠳᠬᠢᠴᠡ ᠶᠢᠨ ᠡᠷᠡᠭᠦᠯ ᠮᠡᠨᠳᠦ ᠶᠢᠨ | ᠲᠠᠶᠢᠯᠤᠮᠵᠢ ᠬᠢᠬᠦ᠂ ᠪᠦᠯᠬᠦᠮ ᠤᠨ ᠬᠠᠪᠰᠤᠷᠤᠨ ᠵᠢᠯᠣᠭᠤᠳᠬᠤ ᠵᠡᠷᠭᠡ ᠠᠵᠢᠯᠯᠠᠭ᠎ᠠ ᠶᠢ 150 ᠲᠠᠯᠠᠪᠤᠷ ᠥᠷᠨᠢᠭᠦᠯᠵᠦ᠂ | 5 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠰᠢᠭᠰᠢᠨ ᠪᠠᠶᠢᠴᠠᠭᠠᠬᠤ ᠪᠠᠷ ᠳᠠᠮᠵᠢᠭᠤᠯᠤᠨ᠂ | ᠰᠤᠷᠤᠭᠴᠢᠳ ᠤᠨ ᠰᠡᠳᠬᠢᠴᠡ ᠶᠢᠨ ᠠᠰᠠᠭᠤᠳᠠᠯ ᠡᠭᠦᠰᠬᠦ ᠨᠣᠷᠮ᠎ᠠ ᠶᠢ 30% ᠪᠠᠷ ᠪᠠᠭᠤᠷᠠᠭᠤᠯᠵᠤ᠂ ᠢᠳᠡᠪᠬᠢᠲᠡᠶ | ᠡᠷᠡᠭᠦᠯ ᠰᠤᠷᠭᠠᠭᠤᠯᠢ ᠶᠢᠨ ᠬᠦᠷᠢᠶᠡᠨ ᠤ ᠰᠡᠳᠬᠢᠴᠡ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃ |