| ᠨᠢᠭᠡ ᠳᠤ᠂ ᠵᠠᠮ ᠬᠠᠷᠢᠯᠴᠠᠭᠠᠨ ᠤ ᠵᠠᠮ ᠤᠨ ᠲᠣᠣᠷ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠳᠡᠭᠡ | ᠲᠣᠰᠬᠤᠨ ᠤ ︽ᠴᠢᠰᠤᠨ ᠰᠤᠳᠠᠰᠤ︾ ᠶᠢ ᠰᠠᠭᠠᠳ ᠦᠭᠡᠢ ᠨᠡᠪᠲᠡᠷᠡᠭᠦᠯᠪᠡ᠃ ᠳᠡᠭᠡᠳᠦ ᠱᠠᠲᠤᠨ ᠤ ᠲᠥᠷᠥᠯ | ᠵᠦᠢᠯ ᠤᠨ ᠪᠡᠯᠡ ᠮᠥᠩᠭᠦ ᠶᠢ ᠲᠡᠮᠡᠴᠡᠨ ᠣᠯᠬᠤ ᠪᠠ ᠰᠢᠶᠠᠨ ᠤ ᠱᠠᠲᠤᠨ ᠤ ᠢᠵᠢ ᠪᠦᠷᠢᠳᠦᠭᠦᠯᠬᠦ ᠣᠷᠣᠭᠤᠯᠤᠯᠲᠠ ᠶᠢ | ᠬᠠᠷᠢᠯᠴᠠᠨ ᠤᠶᠠᠯᠳᠤᠭᠤᠯᠬᠤ ᠪᠠᠷ ᠳᠠᠮᠵᠢᠭᠤᠯᠤᠨ᠂ 1.2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ | ᠂ 180 ᠺᠢᠯᠣᠮᠧᠲᠷ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠤᠨ 150 ᠺᠢᠯᠣᠮᠧᠲᠷ ᠢ | ᠥᠭᠡᠷᠡᠴᠢᠯᠡᠨ ᠪᠠᠶᠢᠭᠤᠯᠵᠤ᠂ ᠲᠡᠷᠭᠡ ᠵᠦᠷᠢᠬᠦ ᠵᠠᠮ ᠢ 200 ᠨᠡᠮᠡᠵᠦ ᠪᠠᠶᠢᠭᠤᠯᠪᠠ᠃ ᠣᠳᠣᠬᠠᠨ ᠳᠤ᠂ ᠪᠥᠬᠦ | ᠰᠢᠶᠠᠨ ᠤ ᠬᠥᠳᠡᠭᠡ ᠲᠣᠰᠬᠤᠨ ᠤ ᠬᠠᠲᠠᠭᠤᠷᠠᠭᠤᠯᠤᠭᠰᠠᠨ ᠵᠠᠮ ᠨᠡᠪᠲᠡᠷᠡᠭᠰᠡᠨ ᠨᠣᠷᠮ᠎ᠠ 100% ᠳᠤ ᠬᠦᠷᠴᠦ᠂ | ᠬᠥᠳᠡᠭᠡ ᠲᠣᠰᠬᠤᠨ ᠤ ᠣᠯᠠᠨ ᠲᠦᠮᠡᠨ ᠤ ᠶᠠᠪᠤᠵᠤ ᠰᠠᠭᠤᠬᠤ ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ | ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ᠥᠪᠡᠷ ᠤᠨ ᠥᠷᠲᠡᠭ ᠪᠠᠷᠤᠭ 25% ᠪᠠᠷ ᠪᠠᠭᠤᠷᠠᠪᠠ᠃ | ᠬᠤᠶᠠᠷ ᠲᠤ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠠᠲᠤᠯᠠᠭ᠎ᠠ ᠶᠢ ᠴᠢᠩᠭᠠᠳᠬᠠᠵᠤ᠂ | ᠲᠠᠷᠢᠶᠠᠯᠠᠩ ᠤᠨ ᠰᠠᠭᠤᠷᠢ ᠶᠢ ᠪᠠᠬᠢᠵᠢᠭᠦᠯᠪᠡ᠃ 8000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠵᠢᠭ | ᠬᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠪᠠᠶᠢᠭᠤᠯᠤᠯᠲᠠ ᠶᠢ ᠥᠷᠨᠢᠭᠦᠯᠦᠨ᠂ | ᠤᠰᠤᠯᠠᠯᠲᠠ ᠶᠢᠨ ᠬᠥᠭᠡᠷᠭᠡ ᠶᠢᠨ ᠥᠷᠲᠡᠭᠡ ᠶᠢ 30 ᠰᠢᠨ᠎ᠡ ᠪᠠᠷ ᠪᠠᠶᠢᠭᠤᠯᠵᠤ᠂ ᠤᠰᠤᠯᠠᠯᠲᠠ ᠶᠢᠨ ᠬᠤᠭᠤᠯᠠᠶ ᠶᠢ | 500 ᠺᠢᠯᠣᠮᠧᠲᠷ ᠳᠡᠪᠢᠰᠴᠦ᠂ ᠳᠤᠮᠳᠠ ᠳᠣᠤᠷ᠎ᠠ ᠤᠨᠠᠯᠲᠠ ᠲᠠᠢ ᠲᠠᠷᠢᠶ᠎ᠠ ᠶᠢ 2 ᠲᠦᠮᠡᠨ ᠮᠦ ᠦᠭᠡᠷᠡᠴᠢᠯᠡᠪᠡ᠃ | ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ 15 ᠰᠢᠨ᠎ᠡ ᠪᠠᠷ ᠪᠠᠶᠢᠭᠤᠯᠵᠤ᠂ 8 ᠲᠦᠮᠡᠨ | ᠬᠥᠮᠦᠨ ᠠᠰᠢᠭ ᠬᠦᠷᠲᠡᠪᠡ᠃ ᠣᠲᠣ ᠪᠣᠯᠲᠠᠯ᠎ᠠ᠂ ᠪᠥᠬᠦ ᠰᠢᠶᠠᠨ ᠤ ᠪᠦᠲᠦᠮᠵᠢᠲᠡᠶ ᠤᠰᠤᠯᠠᠯᠲᠠ ᠶᠢᠨ ᠲᠠᠯᠠᠪᠠᠶ ᠶᠢ | 45 ᠲᠦᠮᠡᠨ ᠮᠥ ᠪᠣᠯᠭᠠᠨ ᠨᠡᠮᠡᠭᠳᠡᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ | ᠠᠰᠢᠭᠯᠠᠯᠲᠠ ᠶᠢᠨ ᠢᠯᠡᠳᠬᠡᠮᠵᠢ ᠶᠢ 0.62 ᠪᠣᠯᠲᠠᠯ᠎ᠠ ᠳᠡᠭᠡᠭᠰᠢᠯᠡᠭᠦᠯᠵᠦ᠂ ᠲᠠᠷᠢᠶᠠᠯᠠᠩ ᠤᠨ ᠭᠠᠷᠤᠯᠲᠠ ᠶᠢ | ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃ | ᠭᠤᠷᠪᠠ ᠳᠤ᠂ ᠡᠨᠧᠷᠭᠢ ᠶᠢᠨ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠬᠥᠳᠡᠭᠡ ᠲᠣᠰᠬᠤᠨ ᠤ | ᠠᠮᠢᠳᠤᠷᠠᠯ ᠢ ᠭᠡᠷᠡᠯᠲᠦᠭᠦᠯᠪᠡ᠃ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ | ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠴᠠᠬᠢᠯᠭᠠᠨ ᠲᠦᠭᠡᠭᠡᠬᠦ ᠬᠦᠴᠦᠳᠡᠯ ᠥᠭᠡᠷᠡᠴᠢᠯᠡᠭᠴᠢ ᠶᠢ 120 | ᠰᠢᠨ᠎ᠡ ᠪᠠᠷ ᠨᠡᠮᠡᠭᠳᠡᠭᠦᠯᠬᠦ ᠪᠠ ᠥᠭᠡᠷᠡᠴᠢᠯᠡᠵᠦ᠂ 10 ᠺᠢᠯᠤᠸᠤᠯᠲ ᠤᠨ ᠴᠠᠬᠢᠯᠭᠠᠨ ᠬᠡᠯᠬᠢᠶ᠎ᠡ ᠶᠢ 180 ᠺᠢᠯᠣᠮᠧᠲᠷ᠂ | ᠳᠣᠣᠷ᠎ᠠ ᠬᠦᠴᠦᠳᠡᠯᠲᠦ ᠴᠠᠬᠢᠯᠭᠠᠨ ᠬᠡᠯᠬᠢᠶ᠎ᠡ ᠶᠢ 300 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ᠂ | ᠬᠥᠳᠡᠭᠡ ᠲᠣᠰᠬᠤᠨ ᠤ ᠴᠠᠬᠢᠯᠭᠠᠨ ᠬᠠᠩᠭᠠᠬᠤ ᠨᠠᠶᠢᠳᠠᠪᠤᠷᠢᠲᠤ ᠨᠤᠷᠮ᠎ᠠ ᠶᠢ 99.8% ᠪᠣᠯᠲᠠᠯ᠎ᠠ ᠳᠡᠭᠡᠭᠰᠢᠯᠡᠭᠦᠯᠪᠡ᠃ | ᠴᠡᠪᠡᠷ ᠡᠨᠧᠷᠭᠢ ᠶᠢᠨ ᠬᠡᠷᠡᠭᠯᠡᠯᠲᠡ ᠶᠢ ᠳᠡᠯᠭᠡᠷᠡᠭᠦᠯᠵᠦ᠂ ᠲᠣᠰᠬᠤᠨ ᠤ ᠲᠠᠰ ᠤᠨ ᠬᠡᠷᠡᠯ ᠴᠡᠨᠡᠭ ᠢᠶᠠᠷ ᠴᠠᠬᠢᠯᠭᠠᠨ | ᠭᠠᠷᠭᠠᠬᠤ 20 ᠥᠷᠲᠡᠭᠡ ᠪᠠᠶᠢᠭᠤᠯᠵᠤ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 500 ᠲᠦᠮᠡᠨ ᠺᠢᠯᠣᠸᠠᠲ | ᠴᠠᠭ ᠲᠤ ᠬᠦᠷᠪᠡ᠃ ᠬᠥᠳᠡᠭᠡ ᠲᠣᠰᠬᠤᠨ ᠤ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ 1.2 ᠲᠦᠮᠡᠨ ᠡᠷᠦᠬᠡ | ᠪᠡᠶᠡᠯᠡᠭᠦᠯᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠢᠯᠡᠳᠲᠡ | ᠳᠡᠭᠡᠭᠰᠢᠯᠡᠭᠦᠯᠪᠡ᠃ |