ᠨᠢᠩᠴᠧᠩ ᠰᠢᠶᠠᠨ ᠤᠯᠠᠨ ᠲᠠᠯ᠎ᠠ ᠠᠴᠠ ᠬᠦᠴᠦᠯᠡᠨ ᠴᠢᠷᠮᠠᠶᠢᠵᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2025/6/18
    ᠨᠢᠭᠡ ᠳᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠨᠢᠭᠡ ᠴᠣᠩᠬᠤᠪᠴᠢ ᠪᠠᠷ ᠭᠥᠯᠢᠶᠡᠨ ᠠᠪᠴᠤ  ᠰᠢᠢᠳᠪᠤᠷᠢᠯᠡᠬᠦ᠂ ᠲᠥᠪᠯᠡᠷᠡᠭᠦᠯᠦᠨ ᠦᠢᠯᠡᠴᠢᠯᠡᠬᠦ︾ ᠵᠠᠭᠪᠤᠷ ᠢ ᠬᠡᠷᠡᠭᠵᠢᠭᠦᠯᠵᠦ᠂ ᠶᠡᠷᠦᠩᠬᠡᠶᠢᠯᠡᠭᠰᠡᠨ  ᠦᠢᠯᠡᠴᠢᠯᠡᠭᠡᠨ ᠤ 30 ᠴᠣᠩᠬᠤ ᠭᠠᠷᠭᠠᠵᠦ᠂ ᠠᠵᠤ ᠠᠬᠤᠶᠢᠯᠠᠯ ᠡᠷᠭᠢᠯᠡᠬᠦ᠂ ᠲᠥᠷᠥᠯ ᠵᠤᠶᠢᠯ ᠢ ᠬᠢᠨᠠᠨ ᠵᠥᠪᠰᠢᠶᠡᠷᠡᠬᠦ ᠵᠡᠷᠭᠡ 120 ᠵᠤᠶᠢᠯ ᠤᠨ ᠥᠨᠳᠥᠷ ᠳᠠᠪᠲᠠᠮᠵᠢᠲᠤ ᠵᠤᠶᠢᠯᠡᠰ ᠢ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠭᠡᠬᠦ︾ ᠪᠠᠷ ᠪᠡᠶᠡᠯᠡᠭᠦᠯᠪᠡ᠃ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠰᠢᠯᠢᠳᠡᠭᠵᠢᠭᠦᠯᠵᠦ᠂ ᠠᠵᠤ ᠠᠬᠤᠶᠢᠯᠠᠯ ᠨᠡᠭᠡᠭᠡᠨ ᠡᠷᠬᠢᠯᠡᠬᠦ ᠴᠠᠭ ᠢ 0.5 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ ᠂ ᠪᠠᠷᠢᠯᠭ᠎ᠠ ᠶᠢᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠤᠤᠯ ᠤᠨ 120 ᠠᠵᠢᠯᠯᠠᠬᠤ ᠡᠳᠦᠷ ᠪᠠᠶᠢᠭᠰᠠᠨ ᠠᠴᠠ 45 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃ ᠡᠨᠡ ᠵᠢᠯ ᠠᠴᠠ ᠨᠠᠰᠢ᠂ ᠰᠦᠯᠵᠢᠶᠡᠨ ᠳᠡᠭᠡᠷ᠎ᠡ ᠭᠦᠢᠴᠡᠳᠬᠡᠭᠰᠡᠨ ᠵᠦᠢᠯ ᠤᠨ ᠬᠡᠮᠵᠢᠶ᠎ᠡ 15 ᠲᠦᠮᠡᠨ ᠬᠤᠪᠢ ᠬᠦᠷᠴᠦ᠂ ᠰᠦᠯᠵᠢᠶᠡᠨ ᠳᠡᠭᠡᠷ᠎ᠡ ᠭᠦᠢᠴᠡᠳᠬᠡᠭᠰᠡᠨ ᠨᠣᠷᠮ᠎ᠠ 95 % ᠶᠢ ᠳᠠᠪᠠᠪᠠ᠃    ᠬᠤᠶᠠᠷ ᠲᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ 20 ᠵᠤᠷᠪᠤᠰ ᠲᠥᠷᠥ ᠶᠢᠨ ᠪᠣᠳᠣᠯᠭ᠎ᠠ ᠶᠢ ᠡᠮᠬᠢᠯᠡᠨ ᠨᠡᠶᠢᠲᠡᠯᠡᠵᠦ᠂ ︽ᠲᠥᠷᠥ ᠶᠢᠨ ᠪᠣᠳᠣᠯᠭ᠎ᠠ ᠶᠢᠨ ᠰᠢᠭᠤᠳ ᠨᠡᠪᠲᠡᠷᠡᠬᠦ ᠲᠡᠷᠭᠡ︾ ᠶᠢᠨ ᠲᠠᠪᠴᠠᠩ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠨᠠᠷᠢᠯᠢᠭ ᠣᠨᠣᠴᠠᠲᠠᠶ ᠪᠠᠷ ᠬᠦᠷᠭᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠢ 30 ᠲᠠᠯᠠᠪᠤᠷ ᠵᠣᠬᠢᠶᠠᠨ ᠪᠠᠶᠢᠭᠤᠯᠵᠤ᠂ 100 ᠭᠠᠷᠤᠶ ᠠᠵᠤ ᠠᠬᠤᠶᠢᠯᠠᠯ ᠳᠤ ᠠᠰᠢᠭ ᠬᠦᠷᠲᠡᠭᠡᠪᠡ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠪᠡᠯᠡ ᠮᠥᠩᠭᠦ ᠶᠢ ᠰᠢᠭᠤᠳ ᠬᠦᠷᠭᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠳᠤ ᠨᠡᠶᠢᠲᠡ 1.3 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠦᠨ᠂ ᠠᠵᠤ ᠠᠬᠤᠶᠢᠯᠠᠯ ᠤᠨ ᠪᠡᠯᠡ ᠮᠥᠩᠭᠦ ᠶᠢᠨ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠪᠡ᠃    ᠭᠤᠷᠪᠠ ᠳᠤ᠂ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠪᠠ᠃ ︽ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠤᠰᠢᠶᠠᠯᠲᠠᠨ︾ ᠤ ᠲᠦᠷᠢᠮ ᠢ ᠪᠠᠶᠢᠭᠤᠯᠵᠤ᠂ 100 ᠨᠡᠷᠡᠰ ᠺᠠᠳ᠋ᠷ ᠢ ᠰᠣᠩᠭᠤᠨ ᠲᠣᠮᠢᠯᠠᠵᠤ ᠭᠤᠤᠯᠳᠠᠯᠭ᠎ᠠ ᠲᠠᠢ ᠠᠵᠤ ᠠᠬᠤᠶᠢᠯᠠᠯ ᠲᠠᠢ ᠨᠢᠭᠡᠳ ᠨᠢᠭᠡ ᠪᠠᠷ ᠬᠠᠷᠢᠯᠴᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ᠂ ᠪᠠᠯᠠ ᠳᠣᠭᠢᠷᠠᠭᠤᠯᠬᠤ ᠵᠡᠷᠭᠡ ᠬᠦᠴᠢᠷ ᠠᠰᠠᠭᠤᠳᠠᠯ ᠢ ᠨᠡᠶᠢᠲᠡ 400 ᠭᠠᠷᠤᠶ ᠰᠢᠢᠳᠪᠦᠷᠢᠯᠡᠪᠡ᠃ ︽ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ︾ ᠢ 10 ᠤᠳᠠᠭ᠎ᠠ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ 8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠪᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠳᠤ 1500 ᠮᠡᠷᠭᠡᠵᠢᠯ ᠤᠨ ᠠᠵᠢᠯᠴᠢᠨ ᠬᠦᠷᠭᠡᠵᠦ᠂ ᠳᠣᠲᠣᠨᠣ ᠦᠢᠯᠡᠴᠢᠯᠡᠭᠡ ᠪᠠᠷ ᠠᠵᠤ ᠠᠬᠤᠶᠢᠯᠠᠯ ᠤᠨ ᠰᠠᠨᠠᠭ᠎ᠠ ᠠᠮᠤᠷ ᠬᠥᠭᠵᠢᠯᠲᠡ ᠳᠤ ᠬᠦᠴᠦᠨ ᠨᠡᠮᠡᠷᠢᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号