| ᠨᠢᠭᠡ ᠳᠤ ᠣᠶ ᠰᠢᠭᠤᠶ ᠶᠢᠨ ᠠᠮᠢ ᠠᠬᠤᠶ ᠶᠢᠨ ᠰᠡᠷᠭᠦᠭᠡᠯᠲᠡ ᠶᠢ ᠬᠡᠷᠡᠭᠵᠢᠭᠦᠯᠦᠨ᠎ᠡ᠃ ᠤᠯᠤᠰ ᠤᠨ ᠨᠤᠲᠤᠭ | ᠳᠡᠪᠢᠰᠭᠡᠷ ᠢ ᠶᠡᠭᠡ ᠬᠡᠪᠴᠢᠶ᠎ᠡ ᠪᠠᠷ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ 8000 ᠲᠦᠮᠡᠨ | ᠲᠥᠭᠦᠷᠢᠭ ᠤᠨ ᠪᠡᠯᠡ ᠮᠥᠩᠭᠦ ᠣᠷᠣᠭᠤᠯᠤᠨ᠂ 5 ᠲᠦᠮᠡᠨ ᠮᠦ ᠬᠥᠮᠦᠨ ᠤ ᠬᠦᠴᠦ ᠪᠠᠷ ᠣᠶᠢᠵᠢᠭᠤᠯᠵᠤ᠂ 3 | ᠲᠦᠮᠡᠨ ᠮᠦ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ 2 ᠲᠦᠮᠡᠨ ᠮᠦ ᠲᠠᠴᠢᠷᠳᠠᠭᠰᠠᠨ ᠣᠶ ᠶᠢ ᠵᠠᠰᠠᠨ | ᠰᠡᠷᠭᠦᠭᠡᠪᠡ᠃ ᠣᠶ ᠰᠢᠭᠤᠶ ᠶᠢ ᠠᠷᠠᠴᠢᠯᠠᠨ ᠪᠤᠶᠢᠵᠢᠭᠤᠯᠬᠤ ᠵᠢᠱᠢᠶ᠎ᠡ ᠦᠵᠡᠭᠦᠯᠬᠦ ᠣᠷᠣᠨ ᠢ 5 ᠪᠠᠶᠢᠭᠤᠯᠵᠤ᠂ 10 | ᠲᠦᠮᠡᠨ ᠮᠦ ᠣᠶ ᠰᠢᠭᠤᠶ ᠶᠢ ᠠᠷᠠᠴᠢᠯᠠᠨ ᠪᠤᠶᠢᠵᠢᠭᠤᠯᠤᠨ᠎ᠠ᠃ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ | ᠰᠢᠶᠠᠨ ᠤ ᠬᠡᠪᠴᠢᠶᠡᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 50% ᠪᠣᠯᠲᠠᠯ᠎ᠠ ᠳᠡᠭᠡᠭᠰᠢᠯᠡᠭᠦᠯᠵᠦ᠂ | ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ ᠢ 1000 ᠾᠧᠺᠲ᠋ᠠᠷ ᠰᠢᠨ᠎ᠡ ᠪᠠᠷ ᠨᠡᠮᠡᠭᠳᠡᠭᠦᠯᠵᠦ᠂ | ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠦᠲᠦᠮᠵᠢᠲᠡᠶ ᠬᠠᠮᠠᠭᠠᠯᠠᠨ᠎ᠠ᠃ | ᠬᠤᠶᠠᠷ ᠲᠤ᠂ ᠨᠤᠭᠤ ᠭᠠᠵᠠᠷ ᠤᠨ ᠠᠮᠢ ᠠᠬᠤᠢ ᠶᠢᠨ ᠰᠡᠷᠭᠦᠭᠡᠯᠲᠡ ᠶᠢ ᠠᠬᠢᠭᠤᠯᠤᠨ᠎ᠠ᠃ 3000 ᠲᠦᠮᠡᠨ | ᠲᠥᠭᠦᠷᠢᠭ ᠤᠨ ᠪᠠᠯᠠ ᠣᠷᠣᠭᠤᠯᠵᠤ᠂ ᠬᠤᠷᠬᠤᠭ ᠤᠨ ᠭᠤᠤᠯ ᠤᠨ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠨᠤᠭᠤ ᠭᠠᠵᠠᠷ ᠲᠤ ᠠᠮᠢ ᠠᠬᠤᠶ ᠶᠢᠨ ᠤᠰᠤ ᠨᠥᠬᠦᠪᠥᠷᠢᠯᠡᠬᠦ᠂ ᠲᠠᠷᠢᠶᠠᠯᠠᠬᠤ ᠶᠢ | ᠵᠣᠭᠰᠣᠭᠠᠵᠤ ᠨᠤᠭᠤ ᠭᠠᠵᠠᠷ ᠢ ᠰᠡᠷᠭᠦᠭᠡᠵᠦ᠂ ᠨᠤᠭᠤ ᠭᠠᠵᠠᠷ ᠤᠨ ᠲᠠᠯᠠᠪᠠᠶ ᠶᠢ 1.2 ᠲᠦᠮᠡᠨ ᠮᠥ ᠰᠡᠷᠭᠦᠭᠡᠪᠡ᠃ | ᠬᠤᠯᠤᠰᠤ᠂ ᠵᠡᠭᠡᠰᠦ ᠵᠡᠷᠭᠡ ᠤᠰᠤᠨ ᠤ ᠤᠷᠭᠤᠮᠠᠯ 50 ᠲᠦᠮᠡᠨ ᠰᠠᠭᠤᠷᠢ ᠲᠠᠷᠢᠵᠤ᠂ ᠨᠤᠭᠤ ᠭᠠᠵᠠᠷ ᠤᠨ ᠠᠮᠢ | ᠠᠬᠤᠶ ᠶᠢᠨ ᠰᠢᠰᠲ᠋ᠧᠮ ᠢ ᠰᠡᠷᠭᠦᠭᠡᠪᠡ᠃ ᠣᠳᠣᠬᠠᠨ ᠳᠤ᠂ ᠴᠢᠭᠢᠭᠯᠢᠭ ᠭᠠᠵᠠᠷ ᠤᠨ ᠰᠢᠪᠠᠭᠤᠨ ᠤ ᠲᠥᠷᠥᠯ ᠵᠦᠢᠯ | 120 ᠭᠠᠷᠤᠶ ᠪᠣᠯᠵᠣ ᠨᠡᠮᠡᠭᠳᠡᠵᠦ᠂ ᠳᠣᠷᠣᠨᠠᠳᠠᠬᠢᠨ ᠤ ᠴᠠᠭᠠᠨ ᠥᠷᠪᠢ᠂ ᠬᠤᠨ ᠭᠠᠯᠠᠭᠤ ᠵᠡᠷᠭᠡ ᠬᠤᠪᠣᠷ ᠴᠤᠬᠠᠭ | ᠰᠢᠪᠠᠭᠤᠨ ᠤ ᠲᠥᠷᠥᠯ ᠣᠯᠠᠰᠢᠷᠠᠵᠤ᠂ ᠨᠤᠭᠤ ᠭᠠᠵᠠᠷ ᠤᠨ ᠠᠮᠢ ᠠᠬᠤᠶ ᠶᠢᠨ ᠴᠢᠳᠠᠮᠵᠢ ᠠᠯᠬᠤᠮ ᠠᠯᠬᠤᠮ ᠢᠶᠠᠷ | ᠰᠡᠷᠭᠦᠨ᠎ᠠ᠃ | ᠭᠤᠷᠪᠠ ᠳᠤ᠂ ᠠᠭᠤᠷᠬᠠᠢ ᠶᠢᠨ ᠠᠮᠢ ᠠᠬᠤᠢ ᠶᠢᠨ ᠵᠠᠰᠠᠯᠲᠠ ᠶᠢ ᠥᠷᠨᠢᠭᠦᠯᠦᠨ᠎ᠡ᠃ ᠲᠡᠦᠬᠡᠨ ᠠᠴᠠ | ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ 5000 ᠲᠦᠮᠡᠨ | ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ | ᠰᠡᠷᠭᠦᠭᠡᠨ ᠵᠠᠰᠠᠬᠤ ᠲᠠᠯᠠᠪᠠᠢ ᠶᠢ 300 ᠾᠧᠺᠲ᠋ᠠᠷ ᠪᠡᠶᠡᠯᠡᠭᠦᠯᠵᠦ᠂ 20 ᠡᠪᠳᠡᠭᠳᠡᠭᠰᠡᠨ ᠠᠭᠤᠯᠠ ᠶᠢ ᠵᠠᠰᠠᠨ | ᠰᠡᠷᠭᠦᠭᠡᠪᠡ᠃ ᠰᠦᠷᠴᠢᠨ ᠲᠠᠷᠢᠬᠤ᠂ ᠮᠣᠳᠣ ᠡᠪᠡᠰᠦ ᠲᠠᠷᠢᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯ᠎ᠡ | ᠲᠦᠷᠦᠯ ᠤᠨ ᠵᠤᠯᠵᠠᠭ᠎ᠠ ᠮᠣᠳᠣ ᠶᠢ 100 ᠲᠦᠮᠡᠨ ᠰᠠᠭᠤᠷᠢ ᠲᠠᠷᠢᠵᠤ᠂ ᠥᠩᠭᠡᠷᠡᠭᠰᠡᠨ ᠤ ︽ᠠᠮᠢ ᠠᠬᠤᠢ ᠶᠢᠨ | ᠰᠣᠷᠪᠢ︾ ᠶᠢ ᠪᠣᠬᠢᠷᠲᠤᠯ ᠦᠭᠡᠢ ᠦᠵᠡᠮᠵᠢ ᠪᠣᠯᠭᠠᠵᠤ᠂ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ | ᠢᠯᠡᠳᠲᠡ ᠰᠠᠶᠢᠵᠢᠷᠠᠭᠤᠯᠪᠠ᠃ |