| ᠨᠢᠭᠡ ᠳᠤ ᠲᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ︽ᠨᠢᠩᠴᠧᠩ ᠰᠢᠶᠠᠨ ᠤ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠨᠠᠷᠢᠨ ᠳᠠᠩᠰᠠ︾᠂ ︽ᠠᠮᠢ | ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠢ ᠲᠥᠯᠥᠬᠦ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ | ᠲᠥᠰᠥᠯ︾ ᠵᠡᠷᠭᠡ 10 ᠭᠠᠷᠤᠢ ᠵᠦᠢᠯ ᠤᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠡᠯ᠎ᠡ ᠰᠠᠯᠠᠭ᠎ᠠ ᠮᠥᠴᠢᠷ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠠᠮᠢ | ᠠᠬᠤᠢ ᠶᠢᠨ ᠣᠷᠴᠢᠨ ᠲᠣᠭᠤᠷᠢᠨ ᠤ ᠬᠠᠷᠠᠯᠲᠠᠲᠤ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢᠨ | ᠭᠦᠢᠴᠡᠳᠬᠡᠬᠦ ᠲᠤᠭ᠎ᠠ ᠶᠢ ᠰᠤᠮᠤ ᠪᠠᠯᠭᠠᠰᠤ᠂ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ | ᠰᠢᠯᠭᠠᠬᠤ ᠳᠤ ᠣᠷᠣᠭᠤᠯᠵᠤ᠂ ᠬᠢᠨᠠᠨ ᠰᠢᠯᠭᠠᠬᠤ ᠡᠷᠬᠡ ᠶᠢᠨ ᠡᠵᠡᠯᠡᠬᠦ ᠬᠠᠷᠢᠴᠠᠯ ᠢ 30% ᠳᠤ ᠬᠦᠷᠦᠭᠦᠯᠵᠦ᠂ ᠠᠮᠢ | ᠠᠬᠤᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ | ᠬᠤᠶᠠᠷ ᠲᠤ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ | ᠵᠣᠬᠢᠶᠠᠨ ᠪᠠᠶᠢᠭᠤᠯᠵᠤ᠂ ︽ᠨᠣᠭᠤᠭᠠᠨ ᠪᠠᠮᠪᠠᠶ︾ ︽ᠬᠠᠶᠠᠭᠳᠠᠮᠠᠯ ᠠᠷᠢᠯᠭᠠᠬᠤ ᠠᠵᠢᠯᠯᠠᠭ᠎ᠠ︾ ᠵᠡᠷᠭᠡ ᠲᠤᠰᠬᠠᠶ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 50 ᠤᠳᠠᠭ᠎ᠠ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠢ | 1200 ᠬᠥᠮᠦᠨ ᠤᠳᠠᠭ᠎ᠠ ᠬᠥᠳᠡᠯᠭᠡᠵᠦ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ 25 | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠰᠢᠢᠳᠬᠡᠯ ᠤᠨ ᠵᠣᠭᠤᠰ ᠤᠨ ᠲᠤᠭ᠎ᠠ 300 ᠭᠠᠷᠤᠶ ᠲᠦᠮᠡᠨ | ᠲᠥᠭᠦᠷᠢᠭ ᠲᠤ ᠬᠥᠷᠪᠡ᠃ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ︽ᠬᠠᠷ᠎ᠠ ᠲᠠᠩᠰᠠ︾ ᠶᠢᠨ | ᠲᠦᠷᠢᠮ ᠢ ᠪᠠᠶᠢᠭᠤᠯᠵᠤ᠂ 3 ᠠᠵᠤ ᠠᠬᠤᠶᠢᠯᠠᠯ ᠳᠤ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ | ᠬᠦᠴᠦᠷᠬᠡᠭ ᠶᠡᠭᠡ ᠰᠦᠷᠳᠡᠭᠦᠯᠦᠯ ᠢ ᠪᠣᠶ ᠪᠣᠯᠭᠠᠪᠠ᠃ | ᠭᠤᠷᠪᠠ ᠳᠤ᠂ ᠪᠦᠬᠦ ᠠᠷᠠᠳ ᠢᠶᠠᠷ ᠢᠶᠠᠨ ᠣᠷᠣᠯᠴᠠᠬᠤ ᠪᠠᠶᠢᠷᠢᠰᠢᠯ ᠢ ᠪᠠᠶᠢᠭᠤᠯᠤᠨ᠎ᠠ᠃ ︽ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠲᠦᠮᠡᠨ ᠡᠷᠦᠬᠡ ᠳᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢᠨ ᠲᠠᠶᠢᠯᠤᠮᠵᠢ᠂ ᠭᠤᠤᠯ ᠰᠡᠳᠦᠪᠲᠦ | ᠦᠵᠡᠰᠬᠦᠯᠡᠩ ᠵᠡᠷᠭᠡ ᠠᠵᠢᠯᠯᠠᠭ᠎ᠠ ᠶᠢ 80 ᠲᠠᠯᠠᠪᠤᠷ ᠡᠷᠬᠢᠯᠡᠵᠦ᠂ ᠤᠬᠠᠭᠤᠯᠭ᠎ᠠ ᠶᠢᠨ ᠮᠠᠲ᠋ᠧᠷᠢᠶᠠᠯ ᠢ 5 ᠲᠦᠮᠡᠨ | ᠬᠤᠪᠢ ᠲᠠᠷᠬᠠᠭᠠᠪᠠ᠃ ᠣᠷᠴᠢᠨ ᠲᠣᠭᠤᠷᠢᠨ ᠤ ᠠᠰᠠᠭᠤᠳᠠᠯ ᠳᠤ ᠱᠠᠩᠨᠠᠯ ᠲᠠᠢ ᠢᠯᠡᠴᠢᠯᠡᠨ ᠮᠡᠳᠡᠭᠦᠯᠬᠦ ᠤᠲᠠᠰᠤ ᠶᠢ | ᠨᠡᠪᠲᠡᠷᠡᠭᠦᠯᠵᠦ᠂ ᠤᠯᠠᠨ ᠨᠡᠶᠢᠲᠡ ᠶᠢᠨ ᠬᠢᠨᠠᠯᠲᠠ ᠲᠠᠯᠪᠢᠬᠤ ᠳᠤ ᠣᠷᠣᠯᠴᠠᠬᠤ ᠶᠢ ᠵᠣᠷᠢᠭᠵᠢᠭᠤᠯᠵᠤ᠂ ᠢᠯᠡᠴᠢᠯᠡᠨ | ᠮᠡᠳᠡᠭᠦᠯᠦᠭᠰᠡᠨ ᠰᠦᠪᠡᠭᠴᠢ ᠶᠢ ᠨᠡᠶᠢᠲᠡ 150 ᠵᠤᠷᠪᠤᠰ ᠬᠦᠯᠢᠶᠡᠨ ᠠᠪᠤᠪᠠ᠃ ᠣᠯᠠᠨ ᠲᠠᠯ᠎ᠠ ᠪᠠᠷ ᠬᠤᠯᠪᠣᠭᠠᠯᠠᠨ | ᠬᠥᠳᠡᠯᠦᠯᠴᠡᠬᠦ ᠪᠠᠷ ᠳᠠᠮᠵᠢᠭᠤᠯᠤᠨ᠂ ᠪᠥᠬᠦ ᠨᠡᠶᠢᠭᠡᠮ ᠢᠶᠠᠷ ᠢᠶᠠᠨ ᠠᠮᠢ ᠠᠬᠤᠶ ᠶᠢᠨ ᠬᠠᠮᠠᠭᠠᠯᠠᠯᠲᠠ ᠳᠤ ᠬᠠᠮᠲᠤ ᠪᠠᠷ | ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ |