ᠨᠢᠩᠴᠧᠩ ᠰᠢᠶᠠᠨ ᠠᠮᠢᠳᠣ ᠪᠣᠳᠠᠰ ᠤᠨ ᠣᠯᠠᠨ ᠶᠠᠩᠵᠣᠳᠣ ᠴᠢᠨᠠᠷ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/6/23
    ᠨᠢᠭᠡ ᠳᠤ᠂ ᠠᠮᠢ ᠠᠬᠤᠢ ᠶᠢᠨ ᠬᠠᠮᠠᠭᠠᠯᠠᠯᠲᠠ ᠶᠢᠨ ᠲᠣᠣᠷ ᠢ ᠪᠠᠶᠢᠭᠤᠯᠵᠤ᠂ ᠠᠮᠢᠳᠤ ᠪᠣᠳᠠᠰ ᠤᠨ ᠣᠷᠣᠰᠢᠨ ᠠᠮᠢᠳᠤᠷᠠᠬᠤ ᠬᠠᠯᠬᠠᠪᠴᠢ ᠶᠢ ᠪᠠᠬᠢᠵᠢᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠣᠷᠣᠨ ᠪᠦᠰᠡ ᠶᠢ 5 ᠵᠠᠭᠠᠭᠯᠠᠨ ᠲᠣᠭᠲᠠᠭᠠᠵᠤ᠂ ᠶᠡᠷᠦᠩᠬᠡᠶ ᠲᠠᠯᠠᠪᠠᠶ ᠨᠢ 300 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠬᠤᠷᠬᠤᠭ ᠤᠨ ᠭᠤᠤᠯ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠳ᠋ᠠ ᠬᠤ᠋ ᠱᠢ ᠤᠰᠤᠨ ᠴᠥᠭᠦᠷᠥᠮ ᠤᠨ ᠨᠤᠭᠤ ᠭᠠᠵᠠᠷ ᠵᠡᠷᠭᠡ ᠭᠤᠤᠯ ᠠᠮᠢ ᠠᠬᠤᠶ ᠶᠢᠨ ᠣᠷᠣᠨ ᠢ ᠬᠠᠮᠤᠷᠪᠠ᠃ ᠠᠮᠢ ᠠᠬᠤᠶ ᠶᠢᠨ ᠬᠤᠩᠭᠢᠯ ᠢ 10 ᠰᠢᠨ᠎ᠡ ᠪᠠᠷ ᠪᠠᠶᠢᠭᠤᠯᠵᠤ᠂ ᠤᠷᠲᠤ ᠶᠢᠨ ᠬᠡᠮᠵᠢᠶ᠎ᠡ ᠨᠢ 80 ᠺᠢᠯᠣᠮᠧᠲᠷ ᠢ ᠳᠠᠪᠠᠵᠤ᠂ ᠭᠠᠵᠠᠷ ᠢ ᠬᠤᠯᠪᠣᠨ ᠨᠡᠪᠲᠡᠷᠡᠭᠦᠯᠪᠡ᠃ ᠠᠮᠢ ᠠᠬᠤᠶ ᠶᠢᠨ ᠲᠣᠤᠷ ᠰᠦᠯᠵᠢᠶ᠎ᠡ ᠶᠢᠨ ᠪᠠᠶᠢᠭᠤᠯᠤᠯᠲᠠ ᠪᠠᠷ ᠳᠠᠮᠵᠢᠨ᠂ ᠬᠡᠭᠡᠷ᠎ᠡ ᠶᠢᠨ ᠠᠮᠢᠲᠠᠨ ᠤ ᠨᠡᠭᠦᠳᠡᠯ᠂ ᠤᠷᠭᠤᠮᠠᠯ ᠤᠨ ᠳᠦᠷᠰᠦ ᠶᠢ ᠲᠠᠷᠬᠠᠭᠠᠬᠤ ᠳᠤ ᠠᠰᠢᠭᠲᠠᠶ ᠨᠥᠬᠦᠴᠡᠯ ᠢ ᠪᠣᠶ ᠪᠣᠯᠭᠠᠵᠤ᠂ ᠣᠷᠣᠨ ᠪᠦᠰᠡ ᠶᠢᠨ ᠳᠣᠲᠣᠷᠠᠬᠢ ᠬᠡᠭᠡᠷ᠎ᠡ ᠶᠢᠨ ᠠᠮᠢᠲᠠᠨ ᠤ ᠠᠵᠢᠯᠯᠠᠭ᠎ᠠ ᠶᠢ ᠬᠢᠨᠠᠨ ᠬᠡᠮᠵᠢᠬᠦ‍ ᠴᠢᠭ ᠤᠨ ᠲᠤᠭ᠎ᠠ ᠬᠡᠮᠵᠢᠶ᠎ᠡ ᠶᠢ 40% ᠪᠠᠷ ᠨᠡᠮᠡᠭᠳᠡᠪᠡ᠃    ᠬᠤᠶᠠᠷ ᠲᠤ᠂ ᠮᠥᠬᠦᠬᠦ ᠰᠢᠬᠠᠭᠰᠠᠨ ᠠᠮᠢᠳᠤ ᠪᠣᠳᠠᠰ ᠤᠨ ᠲᠦᠷᠦᠯ ᠢ ᠠᠪᠤᠷᠠᠬᠤ ᠲᠥᠯᠥᠪᠯᠡᠭᠡ ᠶᠢ ᠬᠡᠷᠡᠭᠵᠢᠭᠦᠯᠵᠦ᠂ ᠠᠮᠢ ᠠᠬᠤᠶ ᠶᠢᠨ ᠦᠨᠡᠲᠦ ᠡᠷᠳᠡᠨᠢ ᠶᠢ ᠰᠠᠬᠢᠨ ᠬᠠᠮᠠᠭᠠᠯᠠᠨ᠎ᠠ᠃ ᠬᠠᠷ᠎ᠠ ᠥᠷᠪᠢ ᠵᠡᠷᠭᠡ ᠬᠤᠪᠣᠷ ᠴᠤᠬᠠᠭ ᠲᠦᠷᠦᠯ ᠤᠨ ᠲᠤᠰᠬᠠᠶ ᠬᠠᠮᠠᠭᠠᠯᠠᠯᠲᠠ ᠶᠢᠨ ᠳᠤᠭᠤᠶᠢᠯᠠᠩ ᠢ ᠪᠠᠶᠢᠭᠤᠯᠵᠤ᠂ 50 ᠲᠦᠮᠡᠨ ᠲᠥᠭᠦᠷᠢᠭ ᠤᠨ ᠪᠠᠯᠠ ᠣᠷᠣᠭᠤᠯᠤᠨ᠂ ᠤᠯᠠᠭᠠᠨ ᠤ ᠭᠠᠳᠠᠨᠠᠬᠢ ᠬᠢᠨᠠᠨ ᠬᠡᠮᠵᠢᠬᠦ 30 ᠥᠷᠲᠡᠭᠡ ᠴᠡᠭ ᠢ ᠪᠠᠶᠢᠭᠤᠯᠵᠤ᠂ ᠮᠥᠬᠦᠬᠦ ᠰᠢᠬᠠᠭᠰᠠᠨ ᠲᠦᠷᠦᠯ ᠤᠨ ᠠᠵᠢᠯᠯᠠᠭᠠᠨ ᠤ ᠵᠠᠮ ᠮᠥᠷ ᠢ ᠴᠠᠭ ᠲᠤᠬᠠᠶ ᠳᠤᠨᠢ ᠬᠢᠨᠠᠨ ᠡᠵᠡᠮᠳᠡᠨ᠎ᠡ᠃ ᠵᠠᠷᠢᠮ ᠬᠤᠪᠣᠷ ᠴᠤᠬᠠᠭ ᠤᠷᠭᠤᠮᠠᠯ ᠢ ᠬᠥᠮᠦᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠶᠢ ᠥᠷᠨᠢᠭᠦᠯᠵᠦ᠂ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠶᠢ 1 ᠪᠠᠶᠢᠭᠤᠯᠵᠤ᠂ 2 ᠲᠦᠮᠡᠨ ᠰᠠᠭᠤᠷᠢ ᠬᠤᠪᠣᠷ ᠴᠤᠬᠠᠭ ᠤᠷᠭᠤᠮᠠᠯ ᠤᠨ ᠨᠢᠯᠬ᠎ᠠ ᠴᠢᠬᠢ ᠶᠢ ᠪᠤᠶᠢᠵᠢᠭᠤᠯᠤᠨ᠎ᠠ᠃ ᠣᠳᠣᠬᠠᠨ ᠳᠤ᠂ ᠬᠠᠷ᠎ᠠ ᠥᠷᠪᠢ ᠤᠨ ᠰᠦᠷᠦᠭ ᠤᠨ ᠬᠡᠪᠴᠢᠶ᠎ᠡ ᠶᠢ 300 ᠭᠠᠷᠤᠶ ᠪᠣᠯᠪᠠ᠃    ᠭᠤᠷᠪᠠ ᠳᠤ᠂ ᠪᠦᠬᠦ ᠠᠷᠠᠳ ᠢᠶᠠᠷ ᠢᠶᠠᠨ ᠣᠷᠣᠯᠴᠠᠵᠤ ᠬᠠᠮᠠᠭᠠᠯᠠᠬᠤ ᠶᠢ ᠠᠬᠢᠭᠤᠯᠵᠤ᠂ ᠠᠮᠢ ᠠᠬᠤᠢ ᠶᠢᠨ ᠬᠠᠮᠲᠤᠷᠠᠯ ᠬᠦᠴᠦᠨ ᠢ ᠨᠢᠭᠲᠠᠷᠠᠭᠤᠯᠪᠠ᠃ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭ᠎ᠠ ᠶᠢ 100 ᠲᠠᠯᠠᠪᠤᠷ ᠥᠷᠨᠢᠭᠦᠯᠵᠦ᠂ ᠰᠣᠷᠣᠭᠴᠢ ᠵᠢᠴᠢ ᠣᠯᠠᠨ ᠲᠦᠮᠡᠨ ᠢ 5 ᠲᠦᠮᠡᠨ ᠬᠥᠮᠦᠨ ᠤᠳᠠᠭ᠎ᠠ ᠬᠠᠮᠤᠷᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠰᠠᠶᠢᠨ ᠲᠤᠷᠠᠴᠤᠳ ᠤᠨ ᠡᠩᠨᠡᠭᠡ ᠶᠢ 20 ᠵᠣᠬᠢᠶᠠᠨ ᠪᠠᠶᠢᠭᠤᠯᠵᠤ᠂ ᠲᠣᠭᠤᠷᠢᠨ ᠬᠠᠮᠠᠭᠠᠯᠠᠬᠤ᠂ ᠤᠬᠠᠭᠤᠯᠬᠤ ᠠᠵᠢᠯᠯᠠᠭ᠎ᠠ ᠳᠤ 800 ᠭᠠᠷᠤᠢ ᠤᠳᠠᠭ᠎ᠠ ᠣᠷᠣᠯᠴᠠᠪᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠲᠣᠭᠲᠠᠴᠠ ᠶᠢ ᠪᠠᠶᠢᠭᠤᠯᠵᠤ᠂ ᠨᠡᠶᠢᠲᠡ 30 ᠵᠤᠷᠪᠤᠰ ᠪᠦᠲᠦᠮᠵᠢᠲᠡᠶ ᠰᠦᠪᠡᠭᠴᠢ ᠶᠢ ᠬᠦᠯᠢᠶᠡᠨ ᠠᠪᠴᠤ᠂ 5 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠶᠢ ᠪᠡᠶᠡᠯᠡᠭᠦᠯᠵᠦ᠂ ᠪᠦᠬᠦ ᠨᠡᠶᠢᠭᠡᠮ ᠢᠶᠠᠷ ᠢᠶᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠲᠤ ᠪᠠᠷ ᠰᠠᠬᠢᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号