ᠨᠢᠩᠴᠧᠩ ᠰᠢᠶᠠᠨ ᠠᠮᠢ ᠠᠬᠤᠢ ᠶᠢᠨ ᠲᠠᠷᠢᠶᠠᠯᠠᠩ ᠢ ᠬᠦᠭᠵᠢᠭᠦᠯᠵᠦ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/6/23
     ᠨᠢᠭᠡ ᠳᠤ ᠠᠮᠢ ᠠᠬᠤᠶ ᠶᠢᠨ ᠲᠠᠷᠢᠮᠠᠯ ᠤᠨ ᠵᠠᠭᠪᠤᠷ ᠢ ᠳᠡᠯᠭᠡᠷᠡᠭᠦᠯᠵᠦ᠂ ᠪᠣᠬᠢᠷᠲᠤᠯ ᠢ ᠪᠠᠭᠠᠰᠬᠠᠨ᠎ᠠ᠃ ᠪᠣᠬᠢᠷᠲᠤᠯ ᠥᠬᠡᠶ ᠣᠷᠭᠠᠨᠢᠭ ᠲᠠᠷᠢᠮᠠᠯ ᠤᠨ ᠰᠠᠭᠤᠷᠢᠨ ᠭᠠᠵᠠᠷ ᠢ 8 ᠲᠦᠮᠡᠨ ᠮᠥ ᠲᠠᠷᠢᠵᠦ᠂ ᠡᠪᠡᠳᠴᠢᠨ ᠬᠤᠷᠣᠬᠠᠶ ᠶᠢᠨ ᠬᠥᠨᠥᠭᠡᠯ ᠢ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ 15 ᠪᠠᠶᠢᠭᠤᠯᠵᠤ᠂ ᠨᠡᠷᠡᠨ ᠡᠨᠧᠷᠭᠢ ᠶᠢᠨ ᠬᠤᠷᠣᠬᠠᠶ ᠠᠯᠠᠬᠤ ᠳ᠋ᠧᠩ ᠢ 2000 ᠤᠭᠰᠠᠷᠠᠵᠤ᠂ ᠠᠮᠢᠳᠤ ᠪᠣᠳᠠᠰ ᠤᠨ ᠲᠠᠷᠢᠶᠠᠨ ᠡᠮ ᠬᠡᠷᠡᠭᠯᠡᠬᠦ ᠲᠠᠯᠠᠪᠠᠶ ᠶᠢ 10 ᠲᠦᠮᠡᠨ ᠮᠥ ᠳᠡᠯᠭᠡᠷᠡᠭᠦᠯᠪᠡ᠃ ᠤᠯᠠᠮᠵᠢᠯᠠᠯᠲᠤ ᠲᠠᠷᠢᠮᠠᠯ ᠯᠤᠭ᠎ᠠ ᠬᠠᠷᠢᠴᠠᠭᠤᠯᠪᠠᠯ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ 25% ᠪᠠᠷ ᠪᠠᠭᠠᠰᠬᠠᠵᠤ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ 30% ᠪᠠᠷ ᠪᠠᠭᠤᠷᠠᠭᠤᠯᠵᠤ᠂ ᠬᠥᠷᠥᠰᠥ ᠰᠢᠷᠣᠢ ᠶᠢᠨ ᠣᠷᠭᠠᠨᠢᠭ ᠪᠣᠳᠠᠰ ᠤᠨ ᠠᠭᠤᠯᠤᠭᠳᠠᠴᠠ ᠶᠢ 1.5% ᠪᠠᠷ ᠳᠡᠭᠡᠭᠰᠢᠯᠡᠭᠦᠯᠪᠡ     ᠬᠤᠶᠠᠷ ᠲᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠨ᠎ᠠ᠃ 3000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠣᠷᠣᠨ ᠪᠦᠰᠡ ᠶᠢᠨ ᠴᠢᠨᠠᠷᠲᠠᠶ ᠪᠠᠭᠠᠰᠤᠨ ᠪᠣᠬᠢᠷᠲᠤᠯ ᠢ ᠲᠥᠪᠯᠡᠷᠡᠭᠦᠯᠦᠨ ᠰᠢᠢᠳᠪᠦᠷᠢᠯᠡᠬᠦ ᠲᠥᠪ ᠢ 3 ᠪᠠᠶᠢᠭᠤᠯᠵᠤ᠂ ᠨᠠᠮᠤᠭ ᠤᠨ ᠬᠡᠢ ᠶᠢᠨ ᠢᠨᠵᠧᠨᠧᠷᠢᠩ᠂ ᠣᠷᠭᠠᠨᠢᠭ ᠪᠣᠷᠳᠣᠭᠤᠷ ᠪᠣᠯᠪᠠᠰᠤᠷᠠᠭᠤᠯᠬᠤ ᠦᠢᠯᠡᠳᠪᠦᠷᠢ ᠶᠢ ᠢᠵᠢ ᠪᠦᠷᠢᠳᠦᠭᠦᠯᠦᠨ ᠪᠠᠶᠢᠭᠤᠯᠤᠨ᠎ᠠ᠃ ᠲᠡᠵᠢᠭᠡᠨ ᠦᠷᠡᠵᠢᠭᠦᠯᠬᠦ ᠲᠠᠯᠠᠪᠠᠢ ᠶᠢᠨ ︽ᠪᠤᠷᠤᠭ᠎ᠠ ᠪᠠ ᠪᠣᠬᠢᠷᠲᠤᠯ ᠣᠰᠦ ᠶᠢ ᠰᠠᠯᠭᠠᠬᠤ᠂ ᠬᠠᠭᠤᠷᠠᠶ ᠴᠢᠭᠢᠭ ᠢ ᠰᠠᠯᠭᠠᠬᠤ︾ ᠰᠢᠢᠳᠪᠤᠷᠢᠯᠡᠬᠦ ᠮᠡᠷᠭᠡᠵᠢᠯ ᠢ ᠳᠡᠯᠭᠡᠷᠡᠭᠦᠯᠵᠦ᠂ ᠪᠦᠬᠦ ᠰᠢᠶᠠᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠢᠯᠭᠠᠳᠠᠰᠤᠨ ᠪᠣᠬᠢᠷᠲᠤᠯ ᠢ ᠰᠢᠢᠳᠪᠤᠷᠢᠯᠡᠬᠦ ᠪᠡᠯᠡᠳᠬᠡᠮᠵᠢ ᠶᠢᠨ ᠢᠵᠢ ᠪᠦᠷᠢᠳᠦᠭᠦᠯᠬᠦ ᠨᠣᠷᠮ᠎ᠠ 100% ᠳᠤ ᠬᠦᠷᠪᠡ᠃ ᠵᠢᠯ ᠳᠤ 30 ᠲᠦᠮᠡᠨ ᠲᠣᠨ ᠮᠠᠯ ᠵᠢᠭᠦᠷᠲᠡᠨ ᠤ ᠢᠯᠭᠠᠳᠠᠰᠤ ᠶᠢ ᠰᠢᠢᠳᠪᠦᠷᠢᠯᠡᠵᠦ᠂ 10 ᠲᠦᠮᠡᠨ ᠲᠣᠨ ᠣᠷᠭᠠᠨᠢᠭ ᠪᠣᠷᠳᠣᠭᠤᠷ ᠦᠢᠯᠡᠳᠪᠦᠷᠢᠯᠡᠵᠦ᠂ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 95% ᠪᠣᠯᠲᠠᠯ᠎ᠠ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃    ᠭᠤᠷᠪᠠ ᠳᠤ᠂ ᠠᠮᠢ ᠠᠬᠤᠶ ᠶᠢᠨ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠠᠵᠤ ᠦᠶ᠋ᠯᠡᠰ ᠤᠨ ᠦᠨ᠎ᠡ ᠥᠷᠲᠡᠭ ᠢ ᠳᠡᠭᠡᠭᠰᠢᠯᠡᠭᠦᠯᠪᠡ᠃ ︽ᠨᠢᠩᠴᠧᠩ ᠤᠨ ᠡᠯᠳᠡᠪ ᠠᠮᠤ︾᠂ ︽ᠬᠤᠷᠬᠤᠭ ᠤᠨ ᠪᠠᠯ︾ ᠵᠡᠷᠭᠡ ᠠᠮᠢ ᠠᠬᠤᠶ ᠶᠢᠨ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ 10 ᠬᠦᠭᠵᠢᠭᠦᠯᠵᠦ᠂ ᠪᠣᠬᠢᠷᠲᠤᠯ ᠥᠬᠡᠶ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠢ 30 ᠪᠡᠶᠡᠯᠡᠭᠦᠯᠪᠡ᠃ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠢ ᠮᠥᠷᠳᠡᠬᠦ ᠰᠢᠰᠲ᠋ᠧᠮ ᠢ ᠪᠠᠶᠢᠭᠤᠯᠵᠤ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠦᠬᠦ ᠶᠠᠪᠤᠴᠠ ᠶᠢ ᠮᠥᠷᠳᠡᠵᠦ ᠪᠣᠯᠬᠤ ᠶᠢ ᠪᠡᠶᠡᠯᠡᠭᠦᠯᠪᠡ᠃ ᠠᠮᠢ ᠠᠬᠤᠶ ᠶᠢᠨ ᠲᠠᠷᠢᠶᠠᠯᠠᠩ ᠤᠨ ᠪᠦᠲᠦᠭᠡᠭᠳᠡᠬᠦᠨ ᠤ ᠥᠰᠥᠯᠲᠡ ᠶᠢᠨ ᠨᠣᠷᠮ᠎ᠠ ᠶᠢ 30% - 50% ᠳᠤ ᠬᠦᠷᠦᠭᠦᠯᠵᠦ ᠂ ᠲᠠᠷᠢᠶᠠᠴᠢᠨ ᠡᠷᠦᠬᠡ ᠶᠢ ᠳᠠᠶᠢᠴᠢᠯᠠᠨ ᠳᠤᠮᠳᠠᠴᠢ ᠪᠠᠷ 8000 ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠵᠦ᠂ ᠠᠮᠢ ᠠᠬᠤᠶ ᠶᠢᠨ ᠲᠠᠷᠢᠶᠠᠯᠠᠩ ᠤᠨ ᠠᠵᠤ ᠠᠬᠤᠶ ᠶᠢᠨ ᠦᠷ᠎ᠡ ᠠᠰᠢᠭ ᠬᠢᠭᠡᠳ ᠣᠷᠴᠢᠨ ᠠᠬᠤᠶ ᠶᠢᠨ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠪᠡ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号