| ᠣᠨᠴᠠ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠬᠢᠭᠡᠳ ᠡᠷᠬᠡ ᠠᠰᠢᠭ ᠤᠨ | ᠬᠠᠮᠠᠭᠠᠯᠠᠯᠲᠠ ᠪᠣᠯ ᠨᠡᠶᠢᠭᠡᠮ ᠤᠨ ᠠᠩᠬᠠᠷᠤᠯ ᠤᠨ ᠭᠤᠤᠯᠳᠠᠯᠭ᠎ᠠ ᠪᠣᠯᠤᠭᠰᠠᠭᠠᠷ ᠢᠷᠡᠵᠡᠶ᠃ ᠶᠡᠭᠡ ᠬᠤᠣᠰ ᠰᠦᠮ᠎ᠡ | ᠪᠠᠯᠭᠠᠰᠤ ᠣᠨᠴᠠ ᠬᠦᠴᠢᠷᠳᠡᠯᠲᠡᠢ ᠤᠯᠠᠨ ᠲᠦᠮᠡᠨ ᠤ ᠬᠠᠯᠠᠭᠤᠨ ᠬᠦᠢᠳᠡᠨ ᠢ ᠢᠮᠠᠭᠲᠠ ᠰᠡᠳᠬᠢᠯ ᠳᠡᠭᠡᠨ ᠪᠤᠳᠤᠵᠤ᠂ | ︽ᠦᠨᠳᠦᠰᠦᠨ ᠵᠦᠢᠯ ᠢ ᠰᠠᠶᠢᠲᠤᠷ ᠪᠠᠲᠤᠯᠠᠬᠤ︾ ᠪᠠᠷ ᠬᠠᠷᠠᠯᠲᠠ ᠪᠣᠯᠭᠠᠵᠤ᠂ ᠤᠯᠠᠨ ᠠᠷᠭ᠎ᠠ ᠬᠡᠮᠵᠢᠶ᠎ᠡ ᠪᠠᠷ ᠬᠢᠨᠠᠨ | ᠬᠠᠮᠠᠭᠠᠯᠠᠬᠤ ᠬᠠᠷᠢᠭᠤᠴᠠᠯᠭ᠎ᠠ ᠪᠠᠨ ᠪᠠᠲᠤᠳᠬᠠᠵᠤ᠂ ᠣᠨᠴᠠ ᠬᠦᠴᠢᠷᠳᠡᠯᠲᠡᠢ ᠤᠯᠠᠨ ᠲᠦᠮᠡᠨ ᠳᠤ ᠠᠮᠢᠳᠤᠷᠠᠯ ᠤᠨ | ᠪᠠᠲᠤᠯᠠᠪᠤᠷᠢ ᠶᠢᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤ ᠴᠤᠬᠴᠠᠯᠠᠨ᠎ᠠ᠃ | ᠪᠠᠯᠭᠠᠰᠤᠨ ᠤ ᠳᠣᠲᠣᠷᠠᠬᠢ ᠲᠠᠷᠠᠬᠠᠶ ᠪᠤᠲᠠᠷᠬᠠᠶ ᠠᠰᠠᠷᠠᠨ ᠲᠡᠵᠢᠭᠡᠵᠦ ᠪᠠᠶᠢᠭ᠎ᠠ 182 ᠣᠨᠴᠠ ᠬᠦᠴᠢᠷᠳᠡᠯᠲᠡᠶ | ᠬᠥᠮᠦᠰ ᠲᠤ ᠠᠷᠠᠳ ᠤᠨ ᠶᠠᠪᠤᠳᠠᠯ ᠤᠨ ᠠᠯᠪᠠᠨ ᠬᠡᠷ ᠤᠨ ᠠᠵᠢᠯᠲᠠᠨ ᠲᠣᠰᠬᠤᠨ ᠤ ᠲᠤᠰᠠᠯᠠᠭᠴᠢ ᠲᠠᠢ ︽ᠡᠭᠦᠳᠡ | ᠲᠣᠭᠰᠢᠬᠤ ᠠᠵᠢᠯᠯᠠᠭ᠎ᠠ︾ ᠥᠷᠨᠢᠭᠦᠯᠵᠦ᠂ ᠡᠷᠦᠬᠡ ᠳᠠᠷᠠᠭᠠᠯᠠᠨ ᠰᠤᠷᠪᠤᠯᠵᠢᠯᠠᠨ ᠵᠢᠭᠰᠠᠭᠠᠨ ᠪᠠᠶᠢᠴᠠᠭᠠᠪᠠ᠃ | ᠠᠵᠢᠯᠲᠠᠳ ᠡᠷᠦᠬᠡ ᠪᠦᠷᠢ ᠳᠤ ᠬᠦᠷᠴᠦ᠂ ᠬᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠣᠷᠣᠰᠢᠵᠤ | ᠪᠠᠶᠢᠬᠤ ᠡᠰᠡᠬᠦ ᠶᠢ ᠨᠠᠷᠢᠨ ᠪᠠᠶᠢᠴᠠᠭᠠᠨ ᠦᠵᠡᠵᠦ᠂ ᠣᠨᠴᠠ ᠬᠦᠴᠢᠷᠳᠡᠯᠲᠡᠶ ᠬᠥᠮᠦᠰ ᠤᠨ ᠢᠳᠡᠭᠡᠨ ᠤᠮᠳᠠᠭᠠᠨ᠂ | ᠡᠷᠡᠭᠦᠯ ᠮᠡᠨᠳᠦ ᠶᠢᠨ ᠪᠠᠶᠢᠳᠠᠯ ᠢ ᠬᠦᠯᠢᠴᠡᠩᠭᠦᠶ ᠪᠠᠷ ᠯᠠᠪᠯᠠᠨ ᠠᠰᠠᠭᠤᠵᠤ᠂ ᠲᠡᠳᠡᠨ ᠤ ᠠᠮᠢᠳᠤᠷᠠᠯ ᠤᠨ ᠳᠤᠮᠳᠠ | ᠲᠤᠯᠭᠠᠷᠠᠭᠰᠠᠨ ᠬᠦᠴᠢᠷᠳᠡᠯ ᠢ ᠰᠣᠨᠣᠰᠪᠠ᠃ ᠵᠠᠷᠢᠮ ᠣᠨᠴᠠ ᠬᠦᠴᠢᠷᠳᠡᠯᠲᠡᠢ ᠬᠥᠮᠥᠰ ᠤᠨ ᠣᠷᠣᠨ ᠰᠠᠭᠤᠴᠠ ᠶᠢᠨ | ᠣᠷᠴᠢᠨ ᠲᠣᠭᠤᠷᠢᠨ ᠡᠷᠦᠢ ᠬᠤᠷᠤᠢ ᠦᠭᠡᠢ᠂ ᠬᠤᠪᠢ ᠬᠥᠮᠥᠨ ᠤ ᠡᠷᠡᠭᠦᠯ ᠬᠠᠮᠠᠭᠠᠯᠠᠯ ᠨᠡᠯᠢᠶᠡᠳ ᠠᠨᠠᠢ ᠵᠡᠷᠭᠡ | ᠠᠰᠠᠭᠤᠳᠠᠯ ᠳᠤ ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠠᠰᠠᠷᠠᠨ ᠬᠠᠮᠠᠭᠠᠯᠠᠭᠴᠢ ᠲᠠᠢ ᠵᠥᠪᠳᠡᠯᠴᠡᠵᠦ᠂ ᠡᠳᠦᠷ | ᠲᠤᠳᠤᠮ ᠤᠨ ᠬᠠᠷᠠᠭᠠᠯᠵᠠᠯ᠂ ᠡᠷᠡᠭᠦᠯ ᠬᠠᠮᠠᠭᠠᠯᠠᠯ ᠵᠡᠷᠭᠡ ᠪᠣᠳᠠᠲᠠᠢ ᠠᠰᠠᠷᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠨ᠂ ᠠᠰᠠᠷᠠᠨ ᠬᠠᠮᠠᠭᠠᠯᠠᠭᠴᠢ ᠶᠢ ᠰᠢᠮᠳᠠᠭᠤᠯᠵᠤ ᠪᠠᠶᠢᠭᠠᠳ ᠡᠭᠦᠷᠭᠡ ᠶᠢ ᠨᠢ ᠦᠨᠡᠨ ᠬᠦ | ᠭᠦᠢᠴᠡᠳᠬᠡᠯᠭᠡᠪᠡ᠃ | ᠣᠨᠴᠠ ᠬᠦᠴᠢᠷᠳᠡᠯᠲᠡᠶ ᠣᠯᠠᠨ ᠲᠦᠮᠡᠨ ᠳᠤ ᠨᠠᠩ ᠰᠢᠯᠢᠳᠡᠭ ᠠᠮᠢᠳᠤᠷᠠᠯ ᠤᠨ ᠰᠣᠩᠭᠤᠯᠲᠠ ᠬᠠᠩᠭᠠᠬᠤ ᠶᠢᠨ | ᠲᠥᠯᠥᠭᠡ᠂ ᠠᠷᠠᠳ ᠤᠨ ᠶᠠᠪᠤᠳᠠᠯ ᠤᠨ ᠠᠯᠪᠠᠨ ᠬᠡᠷ ᠠᠴᠠ ᠶᠡᠭᠡ ᠬᠤᠣᠰ ᠰᠦᠮ᠎ᠡ ᠪᠠᠯᠭᠠᠰᠤᠨ ᠤ ᠲᠥᠪ ᠤᠨ | ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠳ ᠲᠤ ᠳᠣᠭᠢᠷᠠᠬᠤ ᠪᠡᠯᠡᠳᠬᠡᠮᠵᠢ ᠬᠢᠭᠡᠳ ᠬᠠᠮᠲᠤ ᠶᠢᠨ | ᠠᠮᠢᠳᠤᠷᠠᠯ ᠤᠨ ᠳᠠᠪᠠᠭᠤᠯᠢᠭ ᠢ ᠤᠬᠠᠭᠤᠯᠪᠠ᠃ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ | ᠬᠤᠷᠠᠯᠳᠤᠭᠤᠯᠬᠤ᠂ ᠡᠷᠦᠬᠡ ᠳᠤ ᠬᠦᠷᠴᠦ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠬᠦᠮ | ᠣᠶᠢᠯᠠᠭᠠᠮᠵᠢᠲᠠᠶ ᠦᠭᠡ ᠬᠡᠯᠡ ᠪᠠᠷ ᠲᠥᠪᠯᠡᠷᠡᠭᠦᠯᠦᠨ ᠠᠰᠠᠷᠠᠨ ᠲᠡᠵᠢᠭᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ | ᠣᠨᠴᠠ ᠬᠦᠴᠢᠷᠳᠡᠯᠲᠡᠶ ᠬᠥᠮᠦᠰ ᠵᠢᠴᠢ ᠲᠡᠭᠦᠨ ᠤ ᠬᠢᠨᠠᠨ ᠬᠠᠮᠠᠭᠠᠯᠠᠭᠴᠢ ᠶᠢᠨ ᠨᠠᠰᠤᠲᠠᠨ ᠢ ᠠᠰᠠᠷᠠᠬᠤ | ᠬᠦᠷᠢᠶᠡᠯᠡᠩ ᠤᠨ ᠲᠤᠬᠠᠶ ᠡᠷᠡᠭᠡᠯᠵᠡᠭᠡ ᠶᠢ ᠠᠷᠢᠯᠭᠠᠵᠦ᠂ ᠳᠥᠪᠯᠡᠷᠡᠬᠦᠯᠥᠨ ᠠᠰᠠᠷᠡᠨ ᠳᠡᠵᠢᠭᠡᠬᠦ ᠬᠦᠰᠡᠯ ᠡᠷᠡᠮᠡᠯᠵᠡᠯ ᠲᠠᠢ | ᠣᠨᠴᠠ ᠬᠦᠴᠢᠷᠳᠡᠯᠳᠡᠢ ᠬᠦᠮᠦᠰ ᠢ ᠪᠦᠬᠦ ᠶᠠᠪᠤᠴᠠ ᠪᠠᠷ ᠣᠷᠣᠵᠦ ᠰᠠᠭᠤᠬᠤ ᠭᠠᠷᠳᠡᠮ ᠢ ᠨᠢ ᠬᠠᠪᠰᠣᠷᠴᠥ | ᠭᠦᠢᠴᠡᠳᠭᠡᠨ ᠥᠭᠴᠦ᠂ ᠭᠡᠷ ᠲᠤᠨᠢ ᠠᠰᠠᠷᠡᠨ ᠳᠡᠵᠢᠭᠡᠬᠦ ᠶᠢ ᠪᠡᠷᠢᠮᠳᠡᠯᠬᠠᠰᠠᠨ ᠪᠠᠶᠢᠪᠠᠯ᠂ ᠬᠢᠨᠡᠨ ᠬᠠᠮᠠᠭᠠᠯᠠᠬᠤ | ᠭᠡᠯᠡᠯᠴᠡᠭᠡᠷ ᠢ ᠳᠡᠬᠦᠯᠳᠡᠷᠵᠢᠬᠦᠯᠵᠦ᠂ ᠬᠠᠷᠢᠭᠤᠴᠠᠯᠭ᠎ᠠ ᠶᠢᠨ ᠵᠦᠢᠯ ᠵᠤᠷᠪᠤᠰ ᠢ ᠨᠠᠷᠢᠯᠢᠠᠠᠵᠢᠭᠤᠯᠥᠨ᠂ ᠲᠡᠳᠡᠨ ᠤ | ᠠᠮᠢᠳᠣᠷᠡᠯ ᠢ ᠪᠦᠳᠦᠮᠵᠢᠳᠡᠢ ᠪᠠᠷ ᠪᠠᠳᠣᠯᠬᠠᠥ ᠶᠢ ᠦᠨᠡᠨᠬᠦ ᠪᠠᠲᠤᠯᠠᠨ᠎ᠠ᠃ |