ᠨᠢᠩᠴᠧᠩ ᠰᠢᠶᠠᠨ ᠪᠥᠬᠦ ᠴᠠᠷᠠᠭᠠᠨ ᠤ ᠠᠮᠢ ᠠᠬᠤᠶ ᠶᠢᠨ ᠬᠢᠨᠠᠨ ᠬᠡᠮᠵᠢᠯᠲᠡ ᠶᠢᠨ ︽ᠣᠶᠤᠨᠴᠢ ᠰᠦᠯᠵᠢᠶ᠎ᠡ︾ ᠶᠢ ᠪᠠᠶᠢᠭᠤᠯᠪᠠ
ᠨᠡᠶᠢᠲᠡᠯᠡᠭᠰᠡᠨ ᠴᠠᠭ᠄
2025/6/25
    ᠨᠢᠭᠡ ᠳᠤ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠣᠷ ᠢ ᠨᠢᠭᠲᠠ ᠰᠦᠯᠵᠢᠵᠦ᠂ ᠪᠦᠬᠦ ᠣᠷᠣᠨ ᠪᠦᠰᠡ ᠶᠢᠨ ᠪᠦᠷᠬᠦᠴᠡ ᠶᠢ ᠬᠠᠮᠤᠷᠪᠠ᠃ 2000 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ 80 ᠥᠷᠲᠡᠭᠡ ᠴᠡᠭ ᠢ ᠪᠠᠶᠢᠭᠤᠯᠵᠤ᠂ ᠪᠥᠬᠦ ᠰᠢᠶᠠᠨ ᠤ ᠭᠤᠤᠯᠳᠠᠯᠭ᠎ᠠ ᠲᠠᠢ ᠣᠷᠣᠨ ᠪᠦᠰᠡ᠂ ᠰᠠᠪᠠ ᠭᠠᠵᠠᠷ ᠢ ᠬᠠᠮᠤᠷᠪᠠ᠃ ᠬᠤᠷᠬᠤᠭ ᠭᠤᠤᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠵᠡᠷᠭᠡ ᠵᠠᠩᠭᠢᠯᠠᠭ᠎ᠠ ᠶᠢᠨ ᠣᠷᠣᠨ ᠪᠦᠰᠡ ᠳᠤ 120 ᠢᠵᠢ ᠠᠮᠢ ᠠᠬᠤᠶ ᠶᠢᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠵᠤ᠂ ᠳᠤᠯᠠᠭᠠᠨ ᠴᠢᠭᠢᠭ ᠤᠨ ᠬᠡᠮᠵᠢᠶ᠎ᠡ᠂ PM2.5᠂ ᠤᠰᠤᠨ ᠤ ᠴᠢᠨᠠᠷ ᠤᠨ PH ᠬᠡᠮᠵᠢᠭᠳᠡᠯ ᠵᠡᠷᠭᠡ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠴᠤᠭᠯᠠᠭᠤᠯᠪᠠ᠃ ᠬᠢᠨᠠᠨ ᠰᠢᠨᠵᠢᠬᠦ ᠰᠦᠯᠵᠢᠶ᠎ᠡ ᠪᠠᠷ ᠳᠠᠮᠵᠢᠭᠤᠯᠤᠨ᠂ ᠣᠷᠴᠢᠨ ᠲᠣᠭᠤᠷᠢᠨ ᠤ ᠲᠤᠭ᠎ᠠ ᠪᠠᠷᠢᠮᠲᠠ ᠶᠢ ᠴᠤᠭᠯᠠᠭᠤᠯᠬᠤ ᠳᠠᠪᠲᠠᠮᠵᠢ ᠶᠢ ᠮᠢᠨᠦ᠋ᠲ ᠪᠣᠯᠭᠠᠨ ᠳᠡᠭᠡᠭᠰᠢᠯᠡᠭᠦᠯᠵᠦ᠂ ᠬᠡᠪ ᠤᠨ ᠪᠤᠰᠤ ᠲᠤᠭ᠎ᠠ ᠪᠠᠷᠢᠮᠲᠠ ᠶᠢᠨ ᠤᠷᠢᠳᠴᠢᠯᠠᠨ ᠰᠡᠷᠡᠮᠵᠢᠯᠡᠭᠦᠯᠬᠦ ᠶᠢ ᠳᠠᠭᠠᠬᠤ ᠴᠠᠭ ᠢ 15 ᠮᠢᠨᠦ᠋ᠲ ᠪᠣᠯᠲᠠᠯ᠎ᠠ ᠪᠣᠭᠤᠨᠢᠰᠬᠠᠪᠠ᠃    ᠬᠤᠶᠠᠷ ᠲᠤ᠂ ᠣᠶᠤᠨᠴᠢ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠳᠬᠠᠪᠠ᠃ ᠠᠮᠢ ᠠᠬᠤᠶ ᠶᠢᠨ ᠣᠷᠴᠢᠨ ᠲᠣᠭᠤᠷᠢᠨ᠂ ᠴᠠᠭ ᠠᠭᠤᠷ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠤᠨ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠠᠮᠢ ᠠᠬᠤᠶ ᠶᠢᠨ ᠡᠭᠦᠯᠡᠨ ᠲᠠᠷᠢᠬᠢ︾ ᠶᠢᠨ ᠣᠶᠤᠨᠴᠢ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠂ ᠲᠣᠮᠣ ᠳ᠋ᠠᠶᠢᠲ᠋ᠠ ᠶᠢᠨ ᠵᠠᠳᠠᠯᠤᠯᠲᠠ ᠶᠢᠨ ᠮᠡᠷᠭᠡᠵᠢᠯ ᠢ ᠬᠡᠷᠡᠭᠯᠡᠵᠦ᠂ ᠣᠷᠴᠢᠨ ᠲᠣᠭᠤᠷᠢᠨ ᠤ ᠶᠠᠰᠤ ᠴᠢᠨᠠᠷ ᠢ ᠬᠥᠳᠡᠯᠦᠩᠭᠦᠶ ᠪᠠᠷ ᠦᠨᠡᠯᠡᠨ ᠵᠢᠱᠢᠬᠦ᠂ ᠪᠣᠬᠢᠷᠲᠤᠯ ᠤᠨ ᠡᠬᠢ ᠶᠢ ᠨᠠᠷᠢᠯᠢᠭ ᠣᠨᠣᠴᠠᠲᠠᠶ ᠪᠠᠷ ᠡᠬᠢ ᠰᠤᠷᠪᠤᠯᠵᠢ ᠶᠢ ᠡᠷᠢᠬᠦ ᠶᠢ ᠪᠡᠶᠡᠯᠡᠭᠦᠯᠪᠡ᠃ ᠲᠠᠪᠴᠠᠩ ᠢ ᠰᠦᠯᠵᠢᠶᠡᠨ ᠳᠤ ᠣᠷᠣᠭᠤᠯᠤᠭᠰᠠᠨ ᠠᠴᠠ ᠨᠠᠰᠢ᠂ ᠨᠡᠶᠢᠲᠡ 1.2 ᠳ᠋ᠦᠩᠰᠢᠭᠤᠷ ᠵᠤᠷᠪᠤᠰ ᠲᠤᠭ᠎ᠠ ᠪᠠᠷᠢᠮᠲᠠ ᠶᠢ ᠵᠠᠳᠠᠯᠤᠨ ᠰᠢᠢᠳᠪᠦᠷᠢᠯᠡᠵᠦ᠂ ᠣᠷᠴᠢᠨ ᠲᠣᠭᠤᠷᠢᠨ ᠤ ᠶᠠᠰᠤ ᠴᠢᠨᠠᠷ ᠤᠨ ᠭᠠᠷᠠᠭ ᠤᠨ ᠮᠡᠳᠡᠭᠦᠯᠦᠯᠲᠡ ᠶᠢ 52 ᠬᠤᠭᠤᠴᠠᠭ᠎ᠠ ᠪᠣᠶ ᠪᠣᠯᠭᠠᠵᠤ᠂ ᠠᠮᠢ ᠠᠬᠤᠶ ᠣᠷᠴᠢᠨ ᠲᠣᠭᠤᠷᠢᠨ ᠤ ᠰᠢᠢᠳᠪᠤᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ᠂ ᠨᠠᠷᠢᠯᠢᠭ ᠣᠨᠣᠴᠠᠲᠠᠶ ᠪᠠᠷ ᠪᠣᠬᠢᠷᠲᠤᠯ ᠢ ᠵᠠᠰᠠᠬᠤ ᠳᠤ ᠬᠦᠴᠦᠨ ᠨᠡᠮᠡᠷᠢᠯᠡᠪᠡ᠃    ᠭᠤᠷᠪᠠ ᠳᠤ᠂ ᠭᠤᠷᠪᠠᠳᠠᠬᠢ ᠡᠲᠡᠭᠡᠳ ᠤᠨ ᠠᠵᠢᠯᠯᠠᠭᠠᠨ ᠤ ᠬᠠᠮᠠᠭᠠᠯᠠᠯᠲᠠ ᠶᠢ ᠣᠷᠣᠭᠤᠯᠤᠨ ᠠᠪᠴᠢᠷᠠᠵᠤ᠂ ᠬᠢᠨᠠᠨ ᠬᠡᠮᠵᠢᠯᠲᠡ ᠶᠢᠨ ᠬᠦᠴᠦᠨ ᠴᠢᠳᠠᠪᠤᠷᠢ ᠶᠢ ᠪᠠᠲᠤᠯᠠᠪᠠ᠃ ᠲᠤᠰᠬᠠᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠯᠤᠭ᠎ᠠ ᠬᠠᠮᠲᠤᠷᠠᠯᠴᠠᠵᠤ᠂ ᠬᠢᠨᠠᠨ ᠬᠡᠮᠵᠢᠬᠦ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ᠂ ᠰᠢᠯᠭᠠᠬᠤ ᠲᠦᠷᠢᠮ ᠢ ᠪᠠᠶᠢᠭᠤᠯᠵᠤ᠂ ᠵᠢᠯ ᠪᠦᠷᠢ 240 ᠤᠳᠠᠭ᠎ᠠ ᠲᠥᠬᠦᠭᠡᠷᠦᠮᠵᠢ ᠶᠢᠨ ᠬᠠᠮᠠᠭᠠᠯᠠᠯᠲᠠ ᠶᠢ ᠥᠷᠨᠢᠭᠦᠯᠵᠦ᠂ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠤ ᠨᠣᠷᠮ᠎ᠠ ᠶᠢ 99% ᠠᠴᠠ ᠳᠡᠭᠡᠭᠰᠢ ᠪᠠᠶᠢᠯᠭᠠᠨ᠎ᠠ᠃ ᠡᠭᠦᠨ ᠤ ᠬᠠᠮᠲᠤ᠂ ᠬᠢᠨᠠᠨ ᠬᠡᠮᠵᠢᠬᠦ ᠠᠵᠢᠯᠲᠠᠨ ᠤ ᠲᠤᠰᠬᠠᠶ ᠮᠡᠷᠭᠡᠵᠢᠯ ᠤᠨ ᠪᠣᠯᠪᠠᠰᠤᠷᠠᠯ ᠢ 8 ᠬᠤᠭᠤᠴᠠᠭ᠎ᠠ ᠵᠣᠬᠢᠶᠠᠨ ᠪᠠᠶᠢᠭᠤᠯᠵᠤ᠂ 120 ᠬᠥᠮᠦᠨ ᠤᠳᠠᠭ᠎ᠠ ᠪᠣᠯᠪᠠᠰᠤᠷᠠᠯ ᠳᠤ ᠤᠷᠤᠯᠴᠠᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠢᠶᠠᠷᠤᠯᠲᠠ ᠳᠤ ᠲᠤᠭ᠎ᠠ ᠪᠠᠷᠢᠮᠲᠠ ᠶᠢᠨ ᠰᠠᠭᠤᠷᠢ ᠶᠢ ᠪᠠᠬᠢᠵᠢᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号