ᠨᠢᠩᠴᠧᠩ ᠰᠢᠶᠠᠨ ᠠᠮᠢ ᠠᠬᠤᠶ ᠶᠢᠨ ᠣᠷᠴᠢᠨ ᠲᠣᠭᠤᠷᠢᠨ ᠤ ᠰᠤᠷᠭᠠᠨ ᠬᠥᠮᠦᠵᠢᠯ ᠤᠨ ︽ᠥᠩ ᠰᠢᠮᠡᠯᠢᠭ ᠬᠥᠷᠥᠰᠥ︾ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2025/6/25
    ᠨᠢᠭᠡ ᠳᠤ ᠠᠮᠢ ᠠᠬᠤᠶ ᠶᠢᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠦᠢᠯᠡᠳᠦᠯᠭᠡ ᠶᠢᠨ ᠠᠴᠢᠶᠠᠯᠠᠪᠤᠷᠢ ᠶᠢ ᠪᠠᠶᠠᠯᠢᠭᠵᠢᠭᠤᠯᠤᠨ᠎ᠠ᠃ ᠬᠤᠷᠬᠤᠭ ᠤᠨ ᠭᠤᠣᠯ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠯᠢᠶᠣᠤ ᠤᠯᠤᠰ ᠤᠨ ᠳᠤᠮᠳᠠᠳᠤ ᠨᠡᠶᠢᠰᠯᠡᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ᠲᠦᠰᠢᠭᠯᠡᠨ᠂ ᠠᠮᠢ ᠠᠬᠤᠶ ᠶᠢᠨ ᠣᠷᠴᠢᠨ ᠲᠣᠭᠤᠷᠢᠨ ᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ 3 ᠪᠠᠶᠢᠭᠤᠯᠵᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠠᠮᠢ ᠠᠬᠤᠶ ᠶᠢ ᠰᠡᠷᠭᠦᠭᠡᠬᠦ ᠵᠡᠷᠭᠡ ᠭᠤᠤᠯ ᠰᠡᠳᠦᠪᠲᠦ ᠰᠤᠳᠤᠯᠤᠨ ᠰᠤᠷᠤᠯᠴᠠᠬᠤ ᠬᠢᠴᠢᠶᠡᠯ ᠢ 15 ᠨᠡᠭᠡᠭᠡᠪᠡ᠃ ᠬᠠᠷᠢᠯᠴᠠᠨ ᠦᠢᠯᠡᠳᠦᠯᠴᠡᠵᠦ ᠪᠡᠶᠡᠴᠢᠯᠡᠨ ᠣᠶᠢᠯᠠᠭᠠᠬᠤ ᠣᠷᠣᠨ᠂ ᠬᠡᠪ ᠵᠠᠭᠪᠤᠷ ᠢ ᠳᠡᠯᠭᠡᠨ ᠦᠵᠡᠭᠦᠯᠬᠦ ᠲᠢᠩᠬᠢᠮ ᠵᠡᠷᠭᠡ ᠴᠢᠳᠠᠮᠵᠢᠳᠤ ᠣᠷᠣᠨ ᠪᠦᠰᠡ ᠶᠢ ᠳᠣᠭᠢᠷᠠᠭᠤᠯᠵᠤ᠂ ᠰᠣᠷᠣᠭᠴᠢ᠂ ᠵᠤᠭᠠᠴᠠᠭᠰᠠᠳ ᠢ ᠵᠢᠯ ᠳᠤ 8 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠬᠤᠲᠠ ᠶᠢᠨ ᠠᠷᠠᠳ ᠤᠨ ᠪᠠᠶᠢᠭᠠᠯᠢ ᠲᠠᠢ ᠣᠶᠢᠷᠠᠲᠤᠭᠰᠠᠨ᠂ ᠠᠮᠢ ᠠᠬᠤᠶ ᠶᠢᠨ ᠮᠡᠳᠡᠯᠭᠡ ᠶᠢ ᠰᠤᠷᠤᠯᠴᠠᠬᠤ ︽ᠠᠮᠢᠳᠤᠯᠢᠭ ᠬᠢᠴᠢᠶᠡᠯ ᠤᠨ ᠲᠠᠩᠬᠢᠮ︾ ᠪᠣᠯᠪᠠ᠃    ᠬᠤᠶᠠᠷ ᠲᠤ᠂ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ︽ᠵᠢᠷᠭᠤᠳᠤᠭᠠᠷ ᠲᠠᠪᠤᠨ ᠵᠢᠯ ᠤᠨ ᠣᠷᠴᠢᠨ ᠲᠣᠭᠤᠷᠢᠨ ᠤ ᠡᠳᠦᠷ︾ ︽ᠪᠦᠬᠦ ᠤᠯᠤᠰ ᠤᠨ ᠳᠣᠣᠷ᠎ᠠ ᠨᠡᠭᠦᠷᠡᠰᠦᠲᠥ᠋ᠷᠥᠭᠴᠢᠲᠦ ᠡᠳᠦᠷ︾ ᠵᠡᠷᠭᠡ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ 50 ᠲᠠᠯᠠᠪᠤᠷ ᠵᠣᠬᠢᠶᠠᠨ ᠪᠠᠶᠢᠭᠤᠯᠵᠤ᠂ ᠠᠮᠢ ᠠᠬᠤᠢ ᠶᠢᠨ ᠭᠡᠷᠡᠯ ᠵᠢᠷᠤᠭ ᠤᠨ ᠦᠵᠡᠰᠬᠦᠯᠡᠩ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢᠨ ᠤᠷᠤᠯᠳᠤᠭᠠᠨ ᠵᠡᠷᠭᠡ ᠣᠨᠴᠠᠯᠢᠭᠲᠤ ᠠᠵᠢᠯᠯᠠᠭ᠎ᠠ ᠶᠢ 20 ᠲᠠᠯᠠᠪᠤᠷ ᠡᠷᠬᠢᠯᠡᠪᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠭᠠᠷ ᠳᠡᠪᠲᠡᠷ᠂ ᠰᠠᠨᠠᠭᠠᠴᠢᠯᠠᠭ᠎ᠠ ᠶᠢᠨ ᠪᠢᠴᠢᠭ ᠢ 10 ᠲᠦᠮᠡᠨ ᠬᠤᠪᠢ ᠲᠠᠷᠬᠠᠭᠠᠵᠤ᠂ ᠠᠮᠢ ᠠᠬᠤᠢ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ 30 ᠵᠤᠷᠪᠤᠰ ᠵᠣᠬᠢᠶᠠᠵᠤ᠂ ᠲᠧᠯᠸᠢᠰ ᠬᠤᠷᠢᠶ᠎ᠠ᠂ ᠰᠢᠨ᠎ᠡ ᠵᠠᠭᠤᠴᠢᠯᠠᠭᠤᠷ ᠤᠨ ᠲᠠᠪᠴᠠᠩ ᠳᠤ ᠥᠷᠭᠡᠨ ᠢᠶᠠᠷ  ᠲᠠᠷᠬᠠᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠤᠯᠠᠨ ᠨᠡᠶᠢᠲᠡ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠣᠶᠢᠯᠠᠭᠠᠬᠤ ᠨᠤᠷᠮ᠎ᠠ ᠶᠢ 92% ᠲᠤ ᠬᠦᠷᠭᠡᠪᠡ᠃  ᠭᠤᠷᠪᠠ ᠳᠤ᠂ ᠠᠮᠢ ᠠᠬᠤᠶ ᠶᠢᠨ ᠰᠤᠷᠭᠠᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠤᠨ᠎ᠠ᠃ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠳᠤ ᠠᠮᠢ ᠠᠬᠤᠢ ᠶᠢᠨ ᠣᠷᠴᠢᠨ ᠲᠣᠭᠤᠷᠢᠨ ᠤ ᠰᠤᠷᠭᠠᠨ ᠬᠥᠮᠦᠵᠢᠯ ᠤᠨ ᠬᠢᠴᠢᠶᠡᠯ ᠢ ᠨᠡᠭᠡᠭᠡᠵᠦ᠂ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠢ 10 ᠢᠵᠢ ᠨᠠᠶᠢᠷᠠᠭᠤᠯᠤᠨ ᠪᠢᠴᠢᠵᠦ᠂ ᠬᠤᠭ ᠨᠣᠪᠰᠢ ᠶᠢ ᠲᠥᠷᠥᠯ ᠬᠤᠪᠢᠶᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠠᠭᠤᠯᠭ᠎ᠠ ᠶᠢ ᠵᠢᠭᠠᠨ ᠰᠤᠷᠭᠠᠯᠲᠠ ᠶᠢᠨ ᠰᠢᠰᠲ᠋ᠧᠮ ᠳᠤ ᠣᠷᠣᠭᠤᠯᠪᠠ᠃ ︽ᠪᠣᠬᠢᠷᠲᠤᠯ ᠦᠭᠡᠢ ᠰᠤᠷᠭᠠᠭᠤᠯᠢ ᠶᠢᠨ ᠬᠦᠷᠢᠶ᠎ᠡ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠪᠣᠬᠢᠷᠲᠤᠯ ᠦᠭᠡᠢ ᠠᠩᠬᠢ 100᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠢᠴᠢᠬᠠᠨ ᠬᠠᠮᠠᠭᠠᠯᠠᠭᠴᠢ ᠶᠢ 500 ᠰᠢᠯᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠳᠤ ᠮᠣᠳᠣ ᠲᠠᠷᠢᠬᠤ᠂ ᠬᠠᠭᠤᠴᠢᠨ ᠪᠣᠳᠠᠰ ᠢ ᠥᠭᠡᠷᠡᠴᠢᠯᠡᠬᠦ ᠵᠡᠷᠭᠡ ᠦᠢᠯᠡᠳᠦᠯᠭᠡ ᠶᠢᠨ ᠠᠵᠢᠯᠯᠠᠭ᠎ᠠ ᠶᠢ 300 ᠤᠳᠠᠭ᠎ᠠ ᠵᠣᠬᠢᠶᠠᠨ ᠪᠠᠶᠢᠭᠤᠯᠵᠤ᠂ ᠰᠤᠷᠤᠭᠴᠢᠳ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠪᠠ ᠠᠵᠢᠯᠯᠠᠭ᠎ᠠ ᠶᠢᠨ ᠳᠠᠳᠬᠠᠯ ᠢ ᠬᠥᠮᠦᠵᠢᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号