ᠨᠢᠩᠴᠧᠩ ᠰᠢᠶᠠᠨ ᠠᠮᠢ ᠠᠬᠤᠶ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ︽ᠭᠠᠯ ᠰᠡᠷᠭᠡᠶᠢᠯᠡᠬᠦ ᠬᠡᠷᠡᠮ︾ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2025/6/25
  ᠨᠢᠭᠡ ᠳᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠎ᠠ᠃ ︽ᠨᠢᠩᠴᠧᠩ ᠰᠢᠶᠠᠨ ᠤ ᠭᠡᠨᠡᠳᠲᠡ ᠶᠢᠨ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠲᠣᠭᠲᠠᠭᠠᠵᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠲᠠᠢ ᠠᠵᠤ ᠠᠬᠤᠶᠢᠯᠠᠯ ᠤᠨ ᠨᠠᠷᠢᠨ ᠲᠠᠩᠰᠠ ᠶᠢ ᠪᠠᠶᠢᠭᠤᠯᠵᠤ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ ᠵᠡᠷᠭᠡ ᠠᠶᠤᠯ ᠲᠦᠭᠰᠢᠭᠦᠷᠢ ᠶᠡᠬᠡᠲᠡᠶ 30 ᠠᠵᠤ ᠠᠬᠤᠶᠢᠯᠠᠯ ᠳᠤ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠶᠢᠨ ᠬᠠᠮᠢᠶᠠᠷᠤᠯᠲᠠ ᠡᠵᠡᠮᠳᠡᠯ ᠢ ᠬᠡᠷᠡᠭᠵᠢᠭᠦᠯᠪᠡ᠃ ᠣᠷᠴᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ 120 ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ 25 ᠠᠵᠤ ᠠᠬᠤᠶᠢᠯᠠᠯ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠡᠭᠦᠰᠬᠦ ᠲᠣᠬᠢᠶᠠᠯᠳᠤᠮᠵᠢ ᠶᠢ ᠡᠬᠢ ᠡᠭᠦᠰᠦᠯ ᠠᠴᠠ ᠨᠢ ᠪᠠᠭᠤᠷᠠᠭᠤᠯᠪᠠ᠃    ᠬᠤᠶᠠᠷ ᠲᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠣᠳᠠᠲᠤ ᠪᠠᠶᠢᠯᠳᠤᠭᠠᠨ ᠤ ᠬᠢᠷᠢ ᠲᠦᠪᠰᠢᠨ ᠢ ᠨᠡᠮᠡᠭᠳᠡᠭᠦᠯᠪᠡ᠃ ᠠᠮᠢ ᠠᠬᠤᠶ ᠶᠢᠨ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ 5 ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠬᠢᠨᠠᠨ ᠬᠡᠮᠵᠢᠬᠦ ᠲᠡᠷᠭᠡ᠂ ᠵᠢᠯᠣᠭᠤᠴᠢ ᠥᠬᠡᠶ ᠨᠢᠰᠬᠡᠯ᠂ ᠬᠢᠮᠢ ᠶᠢᠨ ᠰᠡᠷᠭᠡᠶᠢᠯᠡᠬᠦ ᠬᠤᠪᠴᠠᠰᠤ ᠵᠡᠷᠭᠡ 200 ᠭᠠᠷᠤᠶ ᠲᠥᠬᠦᠭᠡᠷᠦᠮᠵᠢ ᠶᠢ ᠳᠣᠭᠢᠷᠠᠭᠤᠯᠪᠠ᠃ ᠤᠯᠠᠷᠢᠯ ᠪᠦᠷᠢ ᠭᠡᠨᠡᠳᠲᠡ ᠶᠢᠨ ᠣᠷᠴᠢᠨ ᠲᠣᠭᠤᠷᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ 200 ᠭᠠᠷᠤᠶ ᠤᠳᠠᠭ᠎ᠠ ᠥᠷᠨᠢᠭᠦᠯᠵᠦ᠂ ᠬᠢᠮᠢ ᠶᠢᠨ ᠪᠣᠳᠠᠰ ᠭᠤᠭᠤᠵᠢᠬᠤ᠂ ᠤᠰᠤᠨ ᠴᠣᠭᠴᠠ ᠶᠢᠨ ᠪᠣᠬᠢᠷᠲᠤᠯ ᠵᠡᠷᠭᠡ ᠲᠠᠯᠠᠪᠤᠷ ᠢ ᠳᠠᠭᠤᠷᠢᠶᠠᠵᠤ᠂ ᠨᠡᠶᠢᠲᠡ 15 ᠤᠳᠠᠭ᠎ᠠ ᠵᠣᠬᠢᠶᠠᠨ ᠪᠠᠶᠢᠭᠤᠯᠤᠨ ᠰᠣᠷᠢᠯᠲᠠ ᠬᠢᠵᠦ᠂ ᠪᠠᠴᠢᠮ ᠪᠠᠶᠢᠳᠠᠯ ᠢ ᠠᠷᠭᠠᠴᠠᠵᠤ ᠴᠤᠤᠷᠢᠶᠠᠳᠤᠨ ᠳᠠᠭᠠᠬᠤ ᠴᠠᠭ ᠢ 30 ᠮᠢᠨᠦ᠋ᠲ ᠤᠨ ᠳᠣᠲᠣᠷ᠎ᠠ ᠪᠣᠭᠤᠨᠢᠰᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃    ᠭᠤᠷᠪᠠ ᠳᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠰᠡᠷᠭᠡᠶᠢᠯᠡᠨ ᠡᠵᠡᠮᠳᠡᠬᠦ ᠬᠠᠮᠲᠤᠷᠠᠯ ᠬᠦᠴᠦᠨ ᠢ ᠨᠢᠭᠲᠠᠷᠠᠭᠤᠯᠪᠠ᠃ ᠡᠷᠬᠢᠨ ᠲᠣᠭᠤᠷᠢᠨ ᠤ ᠬᠤᠰᠢᠭᠤ ᠰᠢᠶᠠᠨ ᠲᠠᠢ ᠣᠷᠣᠨ ᠪᠦᠰᠡ ᠠᠯᠤᠰᠯᠠᠭᠰᠠᠨ ᠠᠮᠢ ᠠᠬᠤᠶ ᠣᠷᠴᠢᠨ ᠲᠣᠭᠤᠷᠢᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠬᠠᠮᠲᠤᠷᠠᠯᠴᠠᠭᠠᠨ ᠤ ᠵᠥᠪᠯᠡᠯᠴᠡᠭᠡᠷ 3 ᠬᠤᠪᠢ ᠲᠣᠭᠲᠠᠵᠤ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠪᠡ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ 10 ᠤᠳᠠᠭ᠎ᠠ ᠥᠷᠨᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号