| ᠨᠢᠭᠡ ᠳᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠶ ᠶᠢ ︽ | ᠰᠢᠨ᠎ᠡ︾ ᠪᠣᠯᠭᠠᠨ᠎ᠠ᠃ ᠬᠦᠷᠢᠶ᠎ᠡ ᠬᠠᠰᠢᠶ᠎ᠠ ᠶᠢ ᠠᠰᠢᠭᠯᠠᠨ᠂ ᠭᠠᠵᠠᠷ ᠤᠨ ᠭᠠᠳᠠᠷᠭᠤ ᠶᠢᠨ ᠲᠠᠷᠢᠮᠠᠯ ᠢ ᠠᠭᠠᠷ ᠲᠠᠬᠢ | ᠤᠷᠢᠶᠠᠩᠭᠤ ᠵᠡᠯ᠎ᠡ ᠲᠠᠢ ᠤᠶᠠᠯᠳᠤᠭᠤᠯᠵᠤ᠂ ᠠᠯᠠᠭᠯᠠᠬᠤ᠂ ᠬᠤᠯᠢᠯᠳᠤᠬᠤ᠂ ᠳᠠᠪᠬᠤᠷᠯᠠᠨ ᠲᠠᠷᠢᠬᠤ ᠠᠷᠭ᠎ᠠ ᠪᠠᠷ | ᠨᠢᠭᠡᠳᠦᠯᠲᠡᠢ ᠲᠥᠯᠥᠪᠵᠢᠭᠦᠯᠦᠨ᠂ ᠲᠤᠬᠠᠢ ᠶᠢᠨ ᠭᠠᠵᠠᠷ ᠠᠴᠠ ᠪᠠᠨ ᠮᠠᠲ᠋ᠧᠷᠢᠶᠠᠯ ᠠᠪᠴᠤ᠂ ᠭᠤᠶᠤ ᠰᠠᠶᠢᠬᠠᠨ | ᠤᠷᠢᠶᠠᠩᠭᠤ ᠤᠷᠭᠤᠮᠠᠯ ᠢ ᠰᠠᠷᠠᠪᠴᠢ ᠪᠣᠯᠭᠠᠨ᠎ᠠ᠃ ᠪᠣᠰᠤᠭ᠎ᠠ ᠴᠣᠭᠴᠠᠲᠤ ᠣᠷᠢᠶᠠᠩᠭᠤ ᠵᠡᠯ᠎ᠡ ᠲᠠᠷᠢᠬᠤ ᠶᠢ | ᠥᠷᠨᠢᠭᠦᠯᠵᠦ᠂ 2 ᠠᠴᠠ 3 ᠵᠦᠢᠯ ᠤᠨ ᠠᠵᠤ ᠠᠬᠤᠢ ᠶᠢᠨ ᠲᠠᠷᠢᠮᠠᠯ ᠢ ᠬᠥᠭᠵᠢᠭᠦᠯᠵᠦ᠂ ᠭᠠᠵᠠᠷ ᠰᠢᠷᠣᠢ ᠶᠢᠨ | ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠂ ︽ᠭᠠᠵᠠᠷ ᠤᠨ ᠭᠠᠳᠠᠷᠭᠤ ᠳᠤ ᠨᠣᠭᠤᠭ᠎ᠠ ᠲᠠᠢ᠂ ᠮᠣᠳᠣᠨ ᠳᠡᠭᠡᠷ᠎ᠡ | ᠵᠢᠮᠢᠰ ᠲᠠᠢ᠂ ᠠᠭᠠᠷ ᠲᠤ ᠦᠵᠡᠮᠵᠢ ᠲᠠᠢ︾ ᠬᠦᠷᠢᠶ᠎ᠡ ᠬᠠᠰᠢᠶᠠᠨ ᠤ ᠠᠵᠤ ᠠᠬᠤᠢ ᠶᠢ ᠪᠠᠶᠢᠭᠤᠯᠵᠤ᠂ ᠠᠵᠤ | ᠠᠬᠤᠢ ᠶᠢᠨ ᠦᠷ᠎ᠡ ᠠᠰᠢᠭ ᠢ ᠨᠡᠮᠡᠭᠳᠡᠭᠦᠯᠦᠨ᠎ᠡ᠃ | ᠬᠤᠶᠠᠷ ᠲᠤ᠂ ᠰᠢᠨ᠎ᠡ ᠶᠢ ᠡᠭᠦᠳᠦᠨ ᠬᠥᠭᠵᠢᠭᠦᠯᠵᠦ᠂ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠠᠮᠢᠯᠠᠭᠤᠯᠤᠨ᠎ᠠ᠃ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ᠂ ᠰᠢᠨᠵᠢᠯᠡᠬᠦ | ᠤᠬᠠᠭᠠᠨ ᠮᠡᠷᠭᠡᠵᠢᠯ ᠢ ᠬᠥᠳᠡᠭᠡ ᠪᠠᠭᠤᠯᠭᠠᠬᠤ ᠵᠡᠷᠭᠡ ᠡᠯ᠎ᠡ ᠲᠥᠷᠥᠯ ᠤᠨ ᠠᠵᠢᠯᠯᠠᠭ᠎ᠠ ᠳᠤ ᠲᠦᠰᠢᠭᠯᠡᠨ᠂ | ᠮᠡᠷᠭᠡᠵᠢᠯ ᠤᠨ ᠵᠢᠯᠣᠭᠤᠳᠣᠯᠭ᠎ᠠ᠂ ᠰᠠᠶᠢᠨ ᠡᠭᠦᠯᠳᠡᠷ ᠤᠨ ᠲᠠᠨᠢᠯᠴᠠᠭᠤᠯᠭ᠎ᠠ ᠶᠢ ᠥᠷᠨᠢᠭᠦᠯᠵᠦ᠂ ︽ᠮᠡᠷᠭᠡᠵᠢᠯ ᠤᠨ | ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ︾ ᠭᠤᠷᠪᠠ ᠶᠢ ᠨᠢᠭᠡ ᠴᠤᠭᠴᠠᠵᠢᠭᠤᠯᠬᠤ ᠲᠣᠭᠲᠠᠴᠠ ᠶᠢ ᠪᠠᠶᠢᠭᠤᠯᠤᠨ᠂ | ᠲᠠᠷᠢᠶᠠᠯᠠᠩ ᠤᠨ ᠲᠤᠰᠬᠠᠶ ᠮᠡᠷᠭᠡᠵᠢᠯᠲᠡᠨ ᠢ ᠤᠷᠢᠵᠤ ᠲᠤᠰᠬᠠᠶ ᠰᠡᠳᠦᠪᠲᠦ ᠪᠤᠯᠪᠠᠰᠤᠷᠠᠯ ᠬᠢᠯᠭᠡᠵᠦ᠂ ᠲᠣᠰᠬᠤᠨ ᠳᠤ | ᠰᠠᠭᠤᠬᠤ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠤᠨ ᠪᠥᠬᠦ ᠶᠠᠪᠤᠴᠠ ᠳᠤ ᠮᠥᠷᠳᠡᠨ ᠵᠢᠯᠣᠭᠤᠳᠴᠤ᠂ | ᠲᠣᠰᠬᠤᠨ ᠤ ᠠᠷᠠᠳ ᠤᠨ ᠲᠠᠷᠢᠶᠠᠨ ᠭᠠᠵᠠᠷ ᠤᠨ ᠠᠰᠠᠭᠤᠳᠠᠯ ᠢ ᠣᠶᠢᠷ᠎ᠠ ᠬᠠᠪᠢ ᠳᠤᠨᠢ ᠰᠢᠢᠳᠪᠦᠷᠢᠯᠡᠵᠦ ᠥᠭᠭᠦᠨ᠎ᠡ᠃ | ᠭᠤᠷᠪᠠ ᠳᠤ᠂ ᠨᠣᠭᠤᠭᠠᠷᠠᠭᠤᠯᠤᠯᠲᠠ ᠭᠤᠶᠤᠵᠢᠭᠤᠯᠤᠯᠲᠠ ᠨᠢ ᠬᠦᠷᠢᠶᠡᠨ ᠤ ᠠᠵᠤ ᠠᠬᠤᠢ ᠶᠢ ᠰᠠᠶᠢᠵᠢᠷᠠᠭᠤᠯᠪᠠ᠃ | ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠦᠢᠯᠡᠳᠦᠯᠭᠡᠵᠢᠭᠦᠯᠵᠦ᠂ ᠠᠮᠢ ᠠᠬᠤᠢ ᠶᠢᠨ | ᠰᠠᠭᠤᠷᠢᠰᠢᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ | ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢᠨ ᠠᠵᠤ ᠦᠢᠯᠡᠰ ᠤᠨ ᠬᠥᠭᠵᠢᠯᠲᠡ︾ ᠶᠢᠨ ᠵᠠᠭᠪᠤᠷ ᠢ | ᠰᠦᠪᠡᠭᠴᠢᠯᠡᠵᠦ᠂ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠨᠠᠮ ᠤᠨ ᠭᠡᠰᠢᠭᠦᠨ ᠺᠠᠳ᠋ᠷ᠂ ᠨᠤᠲᠤᠭ ᠤᠨ | ᠮᠡᠷᠭᠡᠳ ᠤᠨ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠭᠡᠷ | ᠣᠷᠣᠨ ᠢᠶᠠᠨ ᠴᠡᠪᠡᠷᠯᠡᠬᠦ᠂ ᠭᠡᠷ ᠣᠷᠣᠨ ᠢᠶᠠᠨ ᠬᠠᠶᠢᠷᠠᠯᠠᠬᠤ᠂ ᠭᠡᠷ ᠣᠷᠣᠨ ᠢᠶᠠᠨ ᠪᠦᠳᠦᠭᠡᠨ ᠪᠠᠶᠢᠭᠤᠯᠬᠤ ᠡᠵᠡᠨ | ᠬᠥᠮᠦᠨ ᠤ ᠤᠬᠠᠮᠰᠠᠷ ᠢ ᠲᠠᠰᠤᠷᠠᠯᠲᠠ ᠦᠭᠡᠢ ᠬᠥᠭᠵᠢᠭᠡᠵᠦ᠂ ᠤᠯᠠᠨ ᠲᠦᠮᠡᠨ ᠢ ᠲᠠᠶᠢᠴᠢᠯᠠᠨ ︽ᠵᠢᠵᠢᠭ ᠴᠡᠴᠡᠷᠯᠢᠭ︾ | ᠂ ︽ᠵᠢᠵᠢᠭ ᠵᠢᠮᠢᠰ ᠤᠨ ᠬᠦᠷᠢᠶᠡᠯᠡᠩ︾ ᠢ ᠢᠳᠡᠪᠬᠢᠲᠡᠢ ᠪᠠᠶᠢᠭᠤᠯᠤᠨ᠎ᠠ᠃ |