| ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠦᠯᠡᠳᠡᠭᠡᠨ ᠬᠡᠷᠡᠭᠯᠡᠬᠦ ᠲᠣᠭᠲᠠᠴᠠ ᠶᠢ | ᠰᠢᠯᠢᠳᠡᠭᠵᠢᠭᠦᠯᠵᠦ᠂ 2025 ᠣᠨ ᠳᠤ 75 ᠪᠠᠭᠰᠢ ᠶᠢ ᠢᠯᠡ ᠪᠠᠷ ᠡᠯᠰᠡᠵᠦ᠂ ᠰᠠᠭᠠᠳ ᠥᠬᠡᠶ ᠨᠡᠪᠲᠡᠷᠡᠬᠦ | ᠵᠠᠮ ᠢᠶᠠᠷ 50 ᠪᠠᠭᠰᠢ ᠶᠢ ᠣᠷᠣᠭᠤᠯᠤᠨ ᠠᠪᠴᠢᠷᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ | ᠰᠤᠷᠭᠠᠨ ᠬᠦᠮᠦᠵᠢᠭᠦᠯᠬᠦ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠠᠰᠢᠭᠯᠠᠨ᠂ 104 ᠪᠠᠭᠰᠢ ᠶᠢ | ᠰᠣᠩᠭᠤᠨ ᠲᠣᠮᠢᠯᠠᠵᠤ ᠱᠢ ᠵᠢᠩ ᠱᠠᠨ ᠲᠣᠭᠤᠷᠢᠭ ᠲᠤ ᠣᠴᠢᠭᠤᠯᠤᠨ ᠠᠵᠢᠯ ᠤᠨ ᠪᠠᠶᠢᠷᠢ ᠶᠢ ᠨᠢ ᠳᠠᠭᠠᠵᠤ | ᠰᠤᠷᠤᠯᠴᠠᠭᠤᠯᠵᠤ᠂ ᠱᠢ ᠵᠢᠩ ᠱᠠᠨ ᠲᠣᠭᠤᠷᠢᠭ ᠤᠨ 7 ᠪᠠᠭᠰᠢ ᠨᠢᠩᠴᠧᠩ ᠳᠤ ᠢᠷᠡᠵᠦ ᠰᠤᠷᠭᠠᠨ ᠬᠥᠮᠦᠵᠢᠯ ᠢ | ᠳᠡᠮᠵᠢᠪᠡ᠃ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ᠂ ᠬᠤᠸᠠᠳᠦ᠋ᠩ ᠤᠨ ᠪᠠᠭᠰᠢ ᠶᠢᠨ ᠶᠡᠭᠡ | ᠰᠤᠷᠭᠠᠭᠤᠯᠢ ᠵᠡᠷᠭᠡ 8 ᠭᠤᠣᠯᠳᠠᠯᠭ᠎ᠠ ᠲᠠᠢ ᠪᠠᠭᠰᠢ ᠶᠢᠨ ᠳᠡᠭᠡᠳᠦ ᠰᠤᠷᠭᠠᠭᠤᠯᠢ ᠲᠠᠢ ᠰᠤᠷᠭᠠᠭᠤᠯᠢ ᠶᠢᠨ ᠠᠵᠢᠯᠲᠠᠨ | ᠡᠯᠰᠡᠬᠦ ᠠᠷᠭ᠎ᠠ ᠵᠠᠮ ᠢ ᠪᠠᠶᠢᠭᠤᠯᠵᠤ᠂ ᠵᠢᠯ ᠤᠨ ᠳᠣᠲᠣᠷ᠎ᠠ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠲᠠᠢ | ᠬᠠᠮᠲᠤᠷᠠᠨ ᠪᠠᠭᠰᠢ ᠶᠢ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠪᠠᠭᠰᠢ ᠶᠢᠨ ᠲᠤᠰᠬᠠᠢ ᠮᠡᠷᠭᠡᠵᠢᠯ ᠤᠨ | ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︽ᠨᠠᠷᠠᠲᠤ ᠪᠠᠭᠰᠢ︾᠂ ︽ᠨᠠᠷᠠᠲᠤ | ᠰᠤᠷᠭᠠᠭᠤᠯᠢ ᠶᠢᠨ ᠵᠠᠬᠢᠷᠤᠯ︾ ᠤᠨ ᠢᠨᠵᠧᠨᠧᠷᠢᠩ ᠢ ᠦᠷᠭᠦᠯᠵᠢᠯᠡᠨ ᠠᠬᠢᠭᠤᠯᠦᠨ᠎ᠡ᠃ ᠣᠳᠣᠬᠠᠨ ᠪᠣᠯᠲᠠᠯ᠎ᠠ᠂ ᠨᠠᠷᠠᠲᠤ | ᠪᠠᠭᠰᠢ ᠶᠢᠨ ᠠᠵᠢᠯ ᠤᠨ ᠲᠠᠰᠤᠭ ᠢ 38 ᠪᠠᠶᠢᠭᠤᠯᠵᠤ᠂ ᠨᠢᠭᠡᠨᠲᠡ 439 ᠵᠠᠯᠠᠭᠤ ᠭᠤᠤᠯᠯᠠᠭᠴᠢ ᠪᠠᠭᠰᠢ᠂ | ᠬᠤᠲᠠ ᠶᠢᠨ ᠲᠠᠰ ᠤᠨ ᠨᠠᠷᠠᠲᠤ ᠰᠤᠷᠭᠠᠭᠤᠯᠢ ᠶᠢᠨ ᠵᠠᠬᠢᠷᠤᠯ 4 ᠬᠥᠮᠦᠨ᠂ ᠬᠤᠲᠠ ᠶᠢᠨ ᠲᠠᠰ ᠤᠨ ᠨᠠᠷᠠᠲᠤ ᠪᠠᠭᠰᠢ | 16 ᠬᠥᠮᠦᠨ ᠢ ᠬᠥᠮᠦᠵᠢᠭᠦᠯᠵᠡᠶ᠃ |