| ᠨᠢᠭᠡ ᠳᠤ᠂ ᠳᠦᠷᠰᠦ ᠪᠠᠶᠢᠳᠠᠯ ᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ᠬᠥᠳᠡᠭᠡ ᠲᠣᠰᠬᠤᠨ ᠤ ᠥᠩᠭᠡ | ᠵᠢᠰᠦ ᠶᠢ ᠳᠠᠬᠢᠨ ᠴᠣᠭᠴᠠᠯᠠᠨ᠎ᠠ᠃ 6000 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠶᠢᠯ | ᠲᠣᠰᠬᠤᠨ ᠢ ᠭᠤᠶᠤᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ 8000 ᠡᠷᠦᠬᠡ ᠶᠢᠨ ᠭᠡᠷ ᠪᠠᠶᠢᠰᠢᠩ ᠢ | ᠥᠭᠡᠷᠡᠴᠢᠯᠡᠨ ᠵᠠᠰᠠᠵᠤ᠂ 2 ᠲᠦᠮᠡᠨ ᠲᠡᠭᠰᠢ ᠳᠥᠷᠪᠡᠯᠵᠢᠨ ᠮᠧᠲᠷ ᠤᠨ ᠰᠣᠶᠣᠯ ᠤᠨ ᠬᠡᠷᠡᠮ ᠢ ᠵᠢᠷᠤᠵᠤ᠂ ᠨᠡᠷᠡᠨ | ᠡᠨᠧᠷᠭᠢ ᠶᠢᠨ ᠵᠠᠮ ᠤᠨ ᠳ᠋ᠧᠩ ᠢ 3000 ᠤᠭᠰᠠᠷᠠᠪᠠ᠃ ᠵᠢᠱᠢᠶ᠎ᠡ ᠦᠵᠡᠭᠦᠯᠬᠦ ᠰᠣᠳᠣᠨ ᠲᠣᠰᠬᠤᠨ ᠢ 15 | ᠪᠠᠶᠢᠭᠤᠯᠵᠤ᠂ ︽ᠳᠥᠷᠪᠡᠨ ᠵᠢᠵᠢᠭ ᠬᠦᠷᠢᠶᠡᠯᠡᠩ︾ ︵ᠨᠣᠭᠤᠭ᠎ᠠ ᠶᠢᠨ ᠵᠢᠵᠢᠭ ᠬᠦᠷᠢᠶᠡᠯᠡᠩ᠂ ᠵᠢᠮᠢᠰ ᠤᠨ ᠵᠢᠵᠢᠭ | ᠬᠦᠷᠢᠶᠡᠯᠡᠩ᠂ ᠬᠤᠸᠠᠷ ᠤᠨ ᠵᠢᠵᠢᠭ ᠴᠡᠴᠡᠷᠯᠢᠭ᠂ ᠵᠤᠭᠠᠴᠠᠯ ᠤᠨ ᠵᠢᠵᠢᠭ ᠬᠦᠷᠢᠶᠡᠯᠡᠩ︶ ᠢ 2000 ᠪᠠᠶᠢᠭᠤᠯᠪᠠ᠃ | ᠣᠲᠣ ᠪᠣᠯᠲᠠᠯ᠎ᠠ᠂ 80% ᠤᠨ ᠵᠠᠰᠠᠭ ᠵᠠᠬᠢᠷᠭᠠᠨ ᠤ ᠲᠣᠰᠬᠤᠨ ᠰᠢᠶᠠᠨ ᠤ ᠱᠠᠲᠤᠨ ᠠᠴᠠ ᠳᠡᠭᠡᠭᠰᠢᠬᠢ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢᠶᠠᠷ ᠦᠨᠡᠯᠡᠭᠳᠡᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ | ᠰᠢᠨᠡᠳᠪᠡ᠃ | ᠬᠤᠶᠠᠷ ᠲᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠠᠬᠢᠭᠤᠯᠵᠤ᠂ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠪᠡ᠃ ᠬᠥᠳᠡᠭᠡ ᠲᠣᠰᠬᠤᠨ ᠤ ᠬᠤᠭ ᠨᠣᠪᠰᠢ᠂ ᠪᠣᠬᠢᠷ | ᠤᠰᠤ᠂ ᠵᠣᠷᠯᠣᠩ ᠤᠨ ︽ᠭᠤᠷᠪᠠᠨ ᠶᠡᠭᠡ ᠬᠤᠪᠢᠰᠬᠠᠯ︾ ᠢ ᠥᠷᠨᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠨ | ᠰᠢᠢᠳᠪᠦᠷᠢᠯᠡᠬᠦ 20 ᠥᠷᠲᠡᠭᠡ ᠶᠢ ᠪᠠᠶᠢᠭᠤᠯᠵᠤ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ 150 ᠲᠡᠷᠭᠡ | ᠲᠣᠬᠢᠷᠠᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ | ᠰᠢᠢᠳᠪᠦᠷᠢᠯᠡᠬᠦ ᠨᠣᠷᠮ᠎ᠠ ᠶᠢ 95% ᠳᠤ ᠬᠦᠷᠭᠡᠪᠡ᠃ ᠪᠣᠬᠢᠷ ᠤᠰᠤᠨ ᠤ ᠬᠤᠭᠤᠯᠠᠢ ᠲᠣᠣᠷ ᠢ 150 ᠺᠢᠯᠣᠮᠧᠲᠷ | ᠳᠡᠪᠢᠰᠴᠦ᠂ ᠲᠥᠪᠯᠡᠷᠡᠩᠭᠦᠶ ᠮᠠᠶ᠋ᠢᠭ ᠤᠨ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ 10 ᠪᠠᠶᠢᠭᠤᠯᠵᠤ᠂ 2. | 5 ᠲᠦᠮᠡᠨ ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ᠃ ᠬᠥᠳᠡᠭᠡ ᠲᠣᠰᠬᠤᠨ ᠤ ᠡᠷᠦᠬᠡ ᠶᠢᠨ 1.8 ᠲᠦᠮᠡᠨ | ᠵᠣᠷᠯᠣᠩ ᠢ ᠥᠭᠡᠷᠡᠴᠢᠯᠡᠵᠦ᠂ ᠠᠷᠢᠭᠤᠨ ᠴᠡᠪᠡᠷ ᠵᠣᠷᠯᠣᠩ ᠢ 88% ᠪᠣᠯᠲᠠᠯ᠎ᠠ ᠲᠦᠭᠡᠮᠡᠯᠵᠢᠭᠦᠯᠵᠦ᠂ ᠣᠯᠠᠨ | ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠢ ᠨᠠᠩ ᠲᠠᠭᠠᠯᠠᠮᠵᠢᠲᠠᠶ ᠪᠣᠯᠭᠠᠪᠠ᠃ | ᠭᠤᠷᠪᠠ ᠳᠤ᠂ ᠪᠣᠯᠪᠠᠰᠤᠨ ᠢ ᠬᠥᠮᠦᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠩ | ᠰᠤᠷᠲᠠᠯ ᠤᠨ ᠪᠣᠯᠪᠠᠰᠤᠨ ᠢ ᠬᠠᠮᠠᠭᠠᠯᠠᠨ ᠤᠯᠠᠮᠵᠢᠯᠠᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ 120 ᠵᠣᠬᠢᠶᠠᠨ ᠪᠠᠶᠢᠭᠤᠯᠵᠤ᠂ ︽ᠪᠣᠯᠪᠠᠰᠤᠨ ᠭᠡᠷ ᠪᠦᠯᠢ︾᠂ | ︽ᠰᠠᠶᠢᠨ ᠪᠡᠷᠢ ᠰᠠᠶᠢᠨ ᠬᠠᠳᠠᠮ ᠡᠵᠢ︾ ᠶᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ 300 ᠲᠡᠷᠢᠭᠦᠨ ᠤ | ᠨᠡᠶᠢᠲᠡᠯᠢᠭ ᠵᠢᠱᠢᠶ᠎ᠡ ᠶᠢ ᠰᠢᠯᠭᠠᠷᠠᠭᠤᠯᠪᠠ᠃ ᠤᠯᠠᠮᠵᠢᠯᠠᠯᠲᠤ ᠡᠷᠲᠡᠨ ᠤ ᠪᠠᠷᠢᠯᠭ᠎ᠠ ᠶᠢ 3 ᠰᠡᠯᠪᠢᠨ ᠵᠠᠰᠠᠵᠤ᠂ ᠬᠥᠳᠡᠭᠡ | ᠲᠣᠰᠬᠤᠨ ᠤ ᠤᠨᠴᠠᠯᠢᠭᠳᠤ ᠰᠣᠶᠣᠯ ᠢ ᠬᠠᠮᠠᠭᠠᠯᠠᠨ ᠤᠯᠠᠮᠵᠢᠯᠠᠪᠠ᠃ ︽ᠬᠥᠳᠡᠭᠡ ᠲᠣᠰᠬᠤᠨ ᠤ ᠴᠠᠭᠠᠨ ᠰᠠᠷ᠎ᠠ ᠶᠢᠨ | ᠦᠳᠡᠰᠢᠯᠡᠭᠡ︾᠂ ︽ᠲᠠᠷᠢᠶᠠᠴᠢᠳ ᠤᠨ ᠲᠠᠮᠢᠷ ᠤᠨ ᠴᠤᠭᠯᠠᠭᠠᠨ︾ ᠵᠡᠷᠭᠡ 180 ᠲᠠᠯᠠᠪᠤᠷ ᠰᠣᠶᠣᠯ ᠤᠨ | ᠠᠵᠢᠯᠯᠠᠭ᠎ᠠ ᠶᠢ ᠡᠷᠬᠢᠯᠡᠵᠦ᠂ ᠣᠯᠠᠨ ᠲᠦᠮᠡᠨ ᠤ ᠣᠷᠣᠯᠴᠠᠭᠰᠠᠨ ᠨᠣᠷᠮ᠎ᠠ 70% ᠳᠤ ᠬᠦᠷᠴᠦ᠂ ᠬᠥᠳᠡᠭᠡ | ᠲᠣᠰᠬᠤᠨ ᠤ ᠪᠣᠯᠪᠠᠰᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ | ᠬᠥᠮᠦᠰ ᠤᠨ ᠰᠡᠳᠬᠢᠯ ᠳᠤ ᠬᠠᠳᠠᠩᠰᠢᠭᠤᠯᠪᠠ᠃ |