| ᠨᠢᠭᠡ ᠳᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠯᠭᠡᠭᠦᠷ ᠪᠣᠯᠭᠠᠵᠤ᠂ ᠦᠢᠯᠡᠳᠪᠦᠷᠢᠯᠡᠯ ᠤᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠣᠶᠤᠨᠴᠢ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 10 | ᠪᠠᠶᠢᠭᠤᠯᠵᠤ᠂ ᠣᠶᠤᠨᠴᠢ ᠤᠰᠤᠯᠠᠯᠲᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠬᠢᠨᠠᠨ ᠬᠡᠮᠵᠢᠯᠲᠡ | ᠵᠡᠷᠭᠡ ᠮᠡᠷᠭᠡᠵᠢᠯ ᠢ ᠳᠡᠯᠭᠡᠷᠡᠭᠦᠯᠵᠦ᠂ 5 ᠲᠦᠮᠡᠨ ᠮᠥ ᠶᠢ ᠬᠠᠮᠤᠷᠤᠨ᠎ᠠ᠃ ᠲᠠᠷᠢᠶᠠᠯᠠᠩ ᠤᠨ ᠰᠢᠨ᠎ᠡ ᠮᠠᠰᠢᠨ ᠪᠠᠭᠠᠵᠢ ᠶᠢ | 2000 ᠢᠵᠢ ᠣᠷᠣᠭᠤᠯᠤᠨ ᠠᠪᠴᠢᠷᠠᠵᠤ᠂ ᠭᠤᠤᠯ ᠪᠣᠯᠬᠤ ᠲᠠᠷᠢᠮᠠᠯ ᠤᠨ ᠲᠠᠷᠢᠵᠤ ᠬᠤᠷᠢᠶᠠᠬᠤ ᠶᠡᠷᠦᠩᠬᠡᠶᠢᠯᠡᠭᠰᠡᠨ | ᠮᠠᠰᠢᠨᠴᠢᠯᠠᠯᠲᠠ ᠶᠢᠨ ᠨᠣᠷᠮ᠎ᠠ ᠶᠢ 85% ᠳᠤ ᠬᠦᠷᠭᠡᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 10 | ᠲᠦᠮᠡᠨ ᠮᠦ ᠪᠠᠶᠢᠭᠤᠯᠵᠤ᠂ ᠠᠮᠤ ᠪᠤᠳᠠᠭᠠᠨ ᠤ ᠮᠦ ᠪᠦᠷᠢ ᠶᠢᠨ ᠤᠨᠠᠯᠲᠠ ᠳᠤᠮᠳᠠᠴᠢ ᠪᠠᠷ 100 ᠺᠢᠯᠣᠭ᠍ᠷᠠᠮ | ᠨᠡᠮᠡᠭᠳᠡᠵᠦ᠂ 2024 ᠣᠨ ᠳᠤ ᠪᠦᠬᠦ ᠰᠢᠶᠠᠨ ᠤ ᠠᠮᠤ ᠪᠤᠳᠠᠭᠠᠨ ᠤ ᠶᠡᠷᠦᠩᠬᠡᠢ ᠤᠨᠠᠯᠲᠠ 6.3 ᠳ᠋ᠦᠩᠰᠢᠭᠤᠷ | ᠵᠢᠩ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠬᠤᠶᠠᠷ ᠲᠤ᠂ ᠨᠠᠷᠠᠲᠤ ᠲᠡᠮᠳᠡᠭ ᠢᠶᠠᠷ ᠬᠥᠳᠡᠯᠭᠡᠭᠦᠷ ᠪᠣᠯᠭᠠᠵᠤ᠂ ᠵᠠᠬ᠎ᠠ ᠳᠡᠯᠭᠡᠭᠦᠷ ᠤᠨ ᠥᠷᠢᠰᠥᠯᠳᠦᠬᠦ | ᠬᠦᠴᠦᠨ ᠢ ᠴᠢᠩᠭᠠᠷᠠᠭᠤᠯᠤᠨ᠎ᠠ᠃ ︽ᠨᠢᠩᠴᠧᠩ ᠤᠨ ᠲᠥᠪᠡᠳ ᠬᠠᠰᠢ︾᠂ ︽ᠳ᠋ᠠ ᠮᠢᠩ ᠤᠨ ᠨᠣᠭᠤᠭᠠᠨ ᠪᠤᠷᠴᠠᠭ︾ | ᠵᠡᠷᠭᠡ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ 5 ᠶᠢ ᠪᠤᠶᠢᠵᠢᠭᠤᠯᠵᠤ᠂ ᠪᠣᠬᠢᠷᠲᠤᠯ ᠥᠬᠡᠶ᠂ ᠣᠷᠭᠠᠨᠢᠭ | ᠲᠠᠷᠢᠶᠠᠯᠠᠩ ᠤᠨ ᠪᠦᠲᠦᠭᠡᠭᠳᠡᠬᠦᠨ ᠢ 30 ᠬᠡᠷᠡᠴᠢᠯᠡᠪᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠡᠮᠳᠡᠭ ᠢ 2 ᠡᠭᠦᠳᠴᠦ᠂ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠰᠢᠭᠤᠳ | ᠨᠡᠪᠲᠡᠷᠡᠭᠦᠯᠭᠡ ᠶᠢᠨ ᠲᠠᠰᠤᠭ 30 ᠪᠠᠶᠢᠭᠤᠯᠪᠠ᠃ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠳᠡᠭᠡᠷᠡᠬᠢ | ᠪᠣᠷᠣᠯᠠᠭᠤᠯᠤᠯᠲᠠ ᠶᠢᠨ ᠬᠡᠮᠵᠢᠶ᠎ᠡ 3 ᠳ᠋ᠦᠩᠰᠢᠭᠤᠷ ᠲᠥᠭᠦᠷᠢᠭ ᠢ ᠳᠠᠪᠠᠵᠤ᠂ ᠳᠡᠭᠡᠷ᠎ᠡ ᠵᠢᠯ ᠤᠨ ᠬᠢ ᠠᠴᠠ 35% ᠪᠠᠷ | ᠨᠡᠮᠡᠭᠳᠡᠨ᠂ ᠨᠠᠷᠠᠲᠤ ᠲᠡᠮᠳᠡᠭᠲᠦ ᠶᠢᠨ ᠦᠨ᠎ᠡ ᠥᠰᠦᠭᠰᠡᠨ ᠬᠡᠮᠵᠢᠶ᠎ᠡ ᠨᠢ ᠲᠠᠷᠢᠶᠠᠴᠢᠨ ᠡᠷᠦᠬᠡ ᠶᠢᠨ ᠳᠤᠮᠳᠠᠴᠢ | ᠣᠷᠣᠯᠭ᠎ᠠ ᠶᠢ 5000 ᠲᠥᠭᠦᠷᠢᠭ ᠨᠡᠮᠡᠭᠳᠡᠭᠦᠯᠪᠡ᠃ | ᠭᠤᠷᠪᠠ ᠳᠤ᠂ ᠠᠭᠤᠰᠤᠯᠴᠠᠨ ᠬᠥᠳᠡᠯᠦᠯᠴᠡᠵᠦ᠂ ᠠᠵᠤ ᠦᠢᠯᠡᠰ ᠤᠨ ᠴᠢᠳᠠᠮᠵᠢ ᠶᠢ ᠥᠷᠭᠡᠳᠬᠡᠨ᠎ᠡ᠃ | ᠰᠡᠯᠡᠭᠦᠴᠡᠯ ᠤᠨ ᠲᠠᠷᠢᠶᠠᠯᠠᠩ ᠬᠢᠭᠡᠳ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠵᠦ᠂ ᠮᠤᠵᠢ ᠶᠢᠨ | ᠱᠠᠲᠤᠨ ᠤ ᠰᠡᠯᠡᠭᠦᠴᠡᠯ ᠤᠨ ᠲᠠᠷᠢᠶᠠᠯᠠᠩ ᠤᠨ ᠵᠢᠱᠢᠶ᠎ᠡ ᠦᠵᠡᠭᠦᠯᠬᠦ ᠴᠡᠭ 3 ᠶᠢ ᠡᠭᠦᠳᠦᠨ ᠪᠠᠶᠢᠭᠤᠯᠪᠡ᠃ | ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ ᠢ 2 ᠪᠠᠶᠢᠭᠤᠯᠵᠤ᠂ ᠬᠤᠲᠠ ᠶᠢᠨ | ᠱᠠᠲᠤᠨ ᠠᠴᠠ ᠳᠡᠭᠡᠭᠰᠢᠬᠢ ᠲᠠᠷᠢᠶᠠᠯᠠᠩ ᠤᠨ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠢ 25 ᠡᠷᠦᠬᠡ | ᠪᠤᠶᠢᠵᠢᠭᠤᠯᠵᠤ᠂ ᠵᠢᠯ ᠳᠤ 50 ᠲᠦᠮᠡᠨ ᠲᠣᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠪᠠ᠃ | ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠨᠢ 1.2 ᠲᠦᠮᠡᠨ ᠬᠥᠮᠦᠨ ᠳᠤ ᠠᠵᠢᠯ ᠣᠯᠭᠤᠵᠤ᠂ | ᠶᠡᠷᠦᠩᠬᠡᠶᠢᠯᠡᠭᠰᠡᠨ ᠣᠷᠣᠯᠭ᠎ᠠ ᠶᠢ 8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠠᠷᠢᠶᠠᠯᠠᠩ ᠤᠨ ᠠᠵᠤ ᠦᠢᠯᠡᠰ ᠤᠨ | ᠬᠡᠯᠬᠢᠶ᠎ᠡ ᠶᠢ ᠳᠡᠭᠡᠳᠦ ᠲᠠᠰ ᠳᠠᠰᠢ ᠤᠷᠲᠤᠳᠬᠠᠬᠤ ᠶᠢ ᠠᠬᠢᠭᠤᠯᠪᠠ᠃ |