| ᠨᠢᠭᠡ ᠳᠤ ︽ᠲᠣᠣᠷᠵᠢᠭᠤᠯᠤᠭᠰᠠᠨ︾ ᠬᠠᠮᠢᠶᠠᠷᠤᠯᠲᠠ ᠶᠢ ᠬᠡᠷᠡᠭᠵᠢᠭᠦᠯᠵᠦ᠂ ᠦᠢᠯᠡᠴᠢᠯᠡᠭᠡᠨ ᠤ ᠲᠣᠣᠷ ᠢ ᠨᠢᠭᠲᠠ | ᠰᠦᠯᠵᠢᠨ᠎ᠡ᠃ ᠪᠥᠬᠦ ᠰᠢᠶᠠᠨ ᠤ ᠨᠡᠶᠢᠭᠡᠮ ᠲᠣᠭᠤᠷᠢᠭ ᠢ 320 ᠰᠠᠭᠤᠷᠢ ᠲᠣᠤᠷ ᠬᠤᠪᠢᠶᠠᠵᠤ᠂ ᠲᠤᠰᠬᠠᠶ | ᠲᠤᠰᠢᠶᠠᠯᠲᠤ ᠭᠡᠰᠡᠭ ᠬᠠᠮᠢᠶᠠᠷᠤᠬᠴᠢ ᠶᠢ 450 ᠲᠣᠬᠢᠷᠠᠭᠤᠯᠵᠤ᠂ ︽ᠲᠣᠤᠷᠵᠢᠯ ᠤᠨ ᠬᠠᠮᠢᠶᠠᠷᠤᠯᠲᠠ+ᠰᠠᠶᠢᠨ | ᠲᠤᠷᠠᠴᠤᠳ+ᠠᠳᠠᠯ ᠠᠬᠤᠶ︾ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠪᠠ᠃ ᠰᠦᠯᠵᠢᠶ᠎ᠡ ᠪᠠᠷ | ᠰᠤᠷᠪᠤᠯᠵᠢᠯᠠᠨ ᠪᠠᠶᠢᠴᠠᠭᠠᠬᠤ ᠪᠠᠷ ᠳᠡᠮᠵᠢᠨ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠨᠡᠶᠢᠲᠡ 1.2 ᠲᠦᠮᠡᠨ | ᠬᠤᠪᠢ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠭᠰᠡᠨ ᠨᠣᠷᠮ᠎ᠠ 96% ᠳᠤ ᠬᠦᠷᠴᠦ᠂ ︽ | ᠪᠠᠭ᠎ᠠ ᠶᠠᠪᠤᠳᠠᠯ ᠢ ᠲᠣᠣᠷᠵᠢᠯ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠨᠡᠶᠢᠭᠡᠮ ᠲᠣᠭᠤᠷᠢᠭ ᠠᠴᠠ ᠭᠠᠷᠭᠠᠬᠤ | ᠦᠭᠡᠢ︾ ᠪᠠᠶᠢᠬᠤ ᠶᠢ ᠪᠡᠶᠡᠯᠡᠭᠦᠯᠪᠡ᠃ | ᠬᠤᠶᠠᠷ ᠲᠤ᠂ ︽ᠤᠶᠤᠨᠲᠤ ᠨᠡᠶᠢᠭᠡᠮ ᠲᠣᠭᠤᠷᠢᠭ︾ ᠤᠨ ᠲᠠᠪᠴᠠᠩ ᠢ ᠪᠠᠶᠢᠭᠤᠯᠵᠤ᠂ ᠦᠢᠯᠡᠴᠢᠯᠡᠭᠡᠨ ᠤ ᠦᠷ᠎ᠡ | ᠪᠦᠲᠦᠮᠵᠢ ᠪᠠᠨ ᠳᠡᠭᠡᠭᠰᠢᠯᠡᠭᠦᠯᠪᠡ᠃ 800 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠤᠶᠤᠨᠲᠤ | ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ | ᠠᠳᠠᠯ ᠠᠬᠤᠢ ᠶᠢᠨ ᠰᠦᠢᠳᠬᠡᠯ ᠲᠤᠰᠢᠶᠠᠬᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠵᠡᠷᠭᠡ | ᠴᠢᠳᠠᠮᠵᠢ ᠶᠢᠨ ᠬᠡᠰᠡᠭ ᠢ 20 ᠡᠮᠬᠢᠯᠡᠨ ᠨᠡᠶᠢᠯᠡᠭᠦᠯᠪᠡ᠃ ᠰᠠᠭᠤᠭᠠᠯᠢ ᠠᠷᠠᠳ ᠭᠠᠷ ᠤᠲᠠᠰᠤᠨ ᠤ APP ᠪᠠᠷ | ᠳᠠᠮᠵᠢᠭᠤᠯᠤᠨ ᠭᠡᠷᠡᠴᠢ ᠪᠢᠴᠢᠵᠦ ᠥᠭᠬᠦ᠂ ᠮᠡᠳᠡᠭᠦᠯᠦᠨ ᠵᠠᠰᠠᠪᠤᠷᠢ ᠣᠷᠣᠭᠤᠯᠬᠤ ᠵᠡᠷᠭᠡ ᠲᠤᠬᠠᠶᠢᠯᠠᠭᠰᠠᠨ ᠠᠵᠢᠯ ᠢ | ᠭᠦᠢᠴᠡᠳᠭᠡᠨ᠎ᠡ᠂ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠬᠡᠮᠵᠢᠶ᠎ᠡ 5 ᠲᠦᠮᠡᠨ ᠬᠤᠪᠢ | ᠤᠳᠠᠭ᠎ᠠ ᠳᠤ ᠬᠦᠷᠴᠦ᠂ ᠠᠵᠢᠯ ᠤᠨ ᠦᠷ᠎ᠡ ᠪᠦᠲᠦᠮᠵᠢ 70% ᠪᠠᠷ ᠳᠡᠭᠡᠭᠰᠢᠯᠡᠪᠡ᠃ | ᠭᠤᠷᠪᠠ ᠳᠤ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠵᠤ᠂ | ᠵᠠᠰᠠᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠨᠡᠶᠢᠭᠡᠮ ᠲᠣᠭᠤᠷᠢᠭ ᠤᠨ ᠬᠥᠭᠵᠢᠯᠲᠡ ᠶᠢᠨ ᠲᠤᠰᠬᠠᠶ | ᠪᠡᠯᠡ ᠮᠥᠩᠭᠦ ᠶᠢ 300 ᠲᠦᠮᠡᠨ ᠲᠥᠭᠦᠷᠢᠭ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡ᠂ ᠣᠷᠴᠢᠨ ᠠᠬᠤᠶ ᠶᠢ | ᠬᠠᠮᠠᠭᠠᠯᠠᠬᠤ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ 80 ᠨᠡᠪᠴᠢᠭᠦᠯᠵᠦ᠂ ᠨᠡᠶᠢᠲᠡ ᠶᠢᠨ ᠠᠰᠠᠷᠠᠮᠵᠢ ᠶᠢᠨ | ᠠᠵᠢᠯᠯᠠᠭ᠎ᠠ ᠶᠢ 200 ᠭᠠᠷᠤᠶ ᠲᠠᠯᠠᠪᠠᠢ ᠥᠷᠨᠢᠭᠦᠯᠪᠡ᠃ ︽ᠬᠥᠷᠰᠢ ᠵᠡᠷᠭᠡᠯᠡᠳᠡᠭᠡ ᠶᠢᠨ ᠪᠠᠶᠠᠷ︾᠂ ︽ᠨᠡᠶᠢᠭᠡᠮ | ᠲᠣᠭᠤᠷᠢᠭ ᠤᠨ ᠰᠣᠶᠣᠯ ᠤᠨ ᠭᠠᠷᠠᠭ︾ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠣᠷᠣᠯᠴᠠᠭᠰᠠᠨ ᠰᠠᠭᠤᠭᠠᠯᠢ | ᠠᠷᠠᠳ 5 ᠲᠦᠮᠡᠨ ᠬᠥᠮᠦᠨ ᠤᠳᠠᠭ᠎ᠠ ᠳᠤ ᠬᠦᠷᠴᠦ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢᠯᠡᠳᠲᠡ | ᠴᠢᠩᠭᠠᠷᠠᠪᠠ᠃ |